《 ᠥᠪᠥᠷ ᠮᠣᠩᠭᠣᠯ᠎ᠤᠨ ᠨᠢᠭᠡ ᠭᠠᠷᠠᠭ᠎ᠤᠨ ᠵᠠᠰᠠᠭ᠎ᠤᠨ ᠶᠠᠪᠤᠳᠠᠯ 》 ᠭᠡᠬᠦ ᠪᠤᠯᠤᠩ ᠨᠢ ᠲᠠᠨ᠎ᠳᠤ ᠭᠠᠷᠠᠭ ᠪᠦᠷᠢ᠎ᠶᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ᠎ᠶᠢᠨ ᠵᠠᠰᠠᠭ᠎ᠤᠨ ᠶᠠᠪᠤᠳᠠᠯ᠎ᠤᠨ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠡᠢᠲᠡᠯᠡᠭᠰᠡᠨ ᠲᠥᠷᠥ᠎ᠶᠢᠨ ᠪᠣᠳᠣᠯᠭ᠎ᠠ ᠬᠢᠭᠡᠳ ᠲᠡᠭᠦᠨ᠎ᠦ ᠲᠠᠢᠯᠤᠮᠵᠢ᠎ᠶᠢ ᠡᠮᠬᠢᠯᠡᠨ ᠲᠢᠭᠯᠡᠵᠦ᠂ ᠭᠠᠷᠠᠭ ᠪᠦᠷᠢ᠎ᠶᠢᠨ ᠵᠠᠰᠠᠭ᠎ᠤᠨ ᠰᠢᠨ᠎ᠡ ᠶᠠᠪᠤᠳᠠᠯ᠎ᠢ ᠲᠦᠷᠭᠡᠨ ᠣᠢᠯᠠᠭᠠᠭᠤᠯᠬᠤ ᠪᠣᠯᠣᠨ᠎ᠠ᠃
ᠤᠳᠤᠷᠢᠳᠤᠯᠭ᠎ᠠ᠎ᠶᠢᠨ ᠠᠵᠢᠯᠯᠠᠭ᠎ᠠ
1
ᠰᠦᠨ ᠱᠣᠸ᠋ ᠴᠧᠩ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶᠢᠨ ᠬᠣᠷᠢᠶ᠎ᠠ᠎ᠶᠢᠨ ᠬᠤᠷᠠᠯᠳᠤᠭᠠᠨ᠎ᠢ ᠡᠷᠬᠢᠯᠡᠪᠡ
7 ᠳ᠋ᠤᠭᠠᠷ ᠰᠠᠷ᠎ᠠ᠎ᠶᠢᠨ 16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶᠢᠨ ᠬᠣᠷᠢᠶ᠎ᠠ ᠬᠤᠷᠠᠯᠳᠤᠭᠠᠨ ᠬᠤᠷᠠᠯᠳᠤᠭᠤᠯᠵᠤ ᠂ ᠶᠡᠷᠦᠩᠬᠡᠢ ᠱᠦᠵᠢ ᠰᠢ ᠵᠢᠨ ᠫᠢᠩ᠎ᠤᠨ ᠲᠥᠪ᠎ᠦᠨ ᠬᠣᠲᠠ᠎ᠶᠢᠨ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠬᠢᠭᠡᠳ ᠶᠡᠷᠦᠩᠬᠡᠢ ᠰᠠᠢᠳ ᠯᠢ ᠴᠢᠶᠠᠩ᠎ᠦᠨ ᠳ᠋ᠦᠩᠨᠡᠯᠲᠡ᠎ᠶᠢᠨ ᠶᠠᠷᠢᠶ᠎ᠠ᠎ᠶᠢ ᠤᠯᠠᠮᠵᠢᠯᠠᠨ ᠰᠤᠷᠤᠯᠴᠠᠵᠤ ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢᠶᠠᠨ ᠰᠤᠳᠤᠯᠤᠨ ᠪᠠᠢᠷᠢᠯᠠᠭᠤᠯᠵᠠᠢ ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠰᠦᠨ ᠱᠤᠤ ᠴᠧᠩ ᠲᠣᠰ ᠬᠤᠷᠠᠯ᠎ᠢ ᠡᠷᠬᠢᠯᠡᠪᠡ᠃
2
ᠴᠢ᠊ ᠪᠠᠲᠤ
2025 ᠪᠣᠬᠢᠷᠲᠤᠯ ᠦᠭᠡᠢ ᠪᠣᠳᠣᠯᠲᠠ᠎ᠶᠢᠨ ᠬᠦᠴᠦᠨ(ᠵᠣᠬᠢᠶᠠᠮᠠᠯ ᠤᠶᠤᠨ)᠎ᠤ ᠶᠡᠬᠡ ᠬᠤᠷᠠᠯ᠎ᠳᠤ ᠣᠷᠣᠯᠴᠠᠪᠠ
7 ᠳ᠋ᠤᠭᠠᠷ ᠰᠠᠷ᠎ᠠ᠎ᠶᠢᠨ 12᠎ᠤᠨ ᠡᠳᠦᠷ᠂ 2025 ᠪᠣᠬᠢᠷᠲᠤᠯ ᠦᠭᠡᠢ ᠪᠣᠳᠣᠯᠲᠠ᠎ᠶᠢᠨ ᠬᠦᠴᠦᠨ(ᠵᠣᠬᠢᠶᠠᠮᠠᠯ ᠤᠶᠤᠨ)᠎ᠤ ᠶᠡᠬᠡ ᠬᠤᠷᠠᠯ᠎ᠢ ᠬᠥᠬᠡᠬᠣᠲᠠ᠎ᠳᠤ ᠬᠤᠷᠠᠯᠳᠤᠭᠤᠯᠵᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ ᠂ ᠬᠥᠬᠡᠬᠣᠲᠠ᠎ᠶᠢᠨ ᠨᠠᠮ᠎ᠤᠨ ᠬᠣᠷᠢᠶ᠎ᠠ᠎ᠶᠢᠨ ᠱᠦᠵᠢ ᠪᠦᠦ ᠭᠠᠩ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠴᠢ᠊ ᠪᠠᠲᠤ ᠲᠣᠰ ᠬᠤᠷᠠᠯ᠎ᠳᠤ ᠣᠷᠣᠯᠴᠠᠪᠠ ᠃
ᠲᠦᠷᠦ᠎ᠶᠢᠨ ᠪᠣᠳᠣᠯᠭ᠎ᠠ᠎ᠶᠢᠨ ᠨᠡᠢᠲᠡᠯᠡᠯ
1
《 ᠤᠰᠤᠨ᠎ᠤ ᠬᠡᠮᠵᠢᠶ᠎ᠡ᠎ᠪᠡᠷ ᠳᠥᠷᠪᠡ᠎ᠶᠢ ᠲᠣᠭᠲᠠᠭᠠᠬᠤ》᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ
ᠣᠢᠷ᠎ᠠ᠎ᠳᠤ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《 ᠤᠰᠤᠨ᠎ᠤ ᠬᠡᠮᠵᠢᠶ᠎ᠡ᠎ᠪᠡᠷ ᠳᠥᠷᠪᠡ᠎ᠶᠢ ᠲᠣᠭᠲᠠᠭᠠᠬᠤ 》᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ ( ᠥᠪᠥᠷ ᠵᠠᠰᠠᠭ ᠲᠠᠷᠬᠠᠭᠠᠭᠰᠠᠨ [ 2025 ] 14 ᠳ᠋ᠦ᠍ᠭᠡᠷ ᠲᠣᠭᠠᠲᠤ )᠎ᠢ ᠳᠠᠷᠤᠮᠠᠯᠯᠠᠨ ᠶᠠᠪᠤᠭᠤᠯᠪᠠ ᠃ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ᠂ ᠭᠤᠷᠪᠠᠳᠤᠭᠠᠷ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ᠂ ᠤᠰᠤᠨ᠎ᠤ ᠬᠡᠮᠵᠢᠶ᠎ᠡ᠎ᠪᠡᠷ ᠬᠣᠲᠠ᠎ᠶᠢᠨ ᠪᠦᠲᠦᠭᠡᠨ ᠪᠠᠢᠭᠤᠯᠤᠯᠲᠠ᠎ᠶᠢ ᠳᠣᠭᠲᠠᠭᠠᠬᠤ᠂ ᠤᠰᠤᠨ᠎ᠤ ᠬᠡᠮᠵᠢᠶ᠎ᠡ᠎ᠪᠡᠷ ᠭᠠᠵᠠᠷ ᠲᠠᠷᠢᠶ᠎ᠠ᠎ᠶᠢ ᠳᠣᠭᠲᠠᠭᠠᠬᠤ᠂ ᠤᠰᠤᠨ᠎ᠤ ᠬᠡᠮᠵᠢᠶ᠎ᠡ᠎ᠪᠡᠷ ᠬᠥᠮᠥᠨ ᠠᠮᠠ᠎ᠶᠢ ᠳᠣᠭᠲᠠᠭᠠᠬᠤ᠂ ᠤᠰᠤᠨ᠎ᠤ ᠬᠡᠮᠵᠢᠶ᠎ᠡ᠎ᠪᠡᠷ ᠦᠢᠯᠡᠳᠪᠦᠷᠢᠯᠡᠯ᠎ᠢ ᠳᠣᠭᠲᠠᠭᠠᠬᠤ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠬᠤ᠎ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠲᠠᠲᠠᠢ ᠲᠠᠢ᠎ᠪᠠᠨ ᠤᠶᠠᠯᠳᠤᠭᠤᠯᠵᠤ᠂ ᠡᠳᠦᠭᠡ ᠲᠣᠰ ᠰᠠᠨᠠᠯ᠎ᠢ ᠳᠤᠷᠠᠳᠪᠠ᠃
2
ᠳ᠋ᠠᠢᠲ᠋ᠠ ᠪᠠ ᠵᠣᠬᠢᠶᠠᠮᠠᠯ ᠣᠶᠣᠨ᠎ᠤ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠥᠷᠥ᠎ᠶᠢᠨ ᠪᠣᠳᠣᠯᠭ᠎ᠠ᠎ᠨᠤᠭᠤᠳ᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠣᠢᠷ᠎ᠠ᠎ᠳᠤ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠳ᠋ᠠᠢᠲ᠋ᠠ ᠪᠠ ᠵᠣᠬᠢᠶᠠᠮᠠᠯ ᠣᠶᠣᠨ᠎ᠤ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠥᠷᠥ᠎ᠶᠢᠨ ᠪᠣᠳᠣᠯᠭ᠎ᠠ᠎ᠨᠤᠭᠤᠳ᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ ( ᠥᠪᠥᠷ ᠵᠠᠰᠠᠭ ᠥᠰᠥᠭ [ 2025 ] 119 ᠳ᠋ᠦ᠍ᠭᠡᠷ ᠲᠣᠭᠠᠲᠤ )᠎ᠢ ᠨᠡᠢᠲᠡᠯᠡᠪᠡ᠃ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ ᠂ ᠭᠤᠷᠪᠠᠳᠤᠭᠠᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠰᠢᠨ᠎ᠡ ᠨᠢᠭᠡ ᠦᠶ᠎ᠡ᠎ᠶᠢᠨ ᠵᠣᠬᠢᠶᠠᠮᠠᠯ ᠣᠶᠣᠨ᠎ᠢ ᠲᠦᠷᠭᠡᠳᠬᠡᠨ ᠬᠦᠭᠵᠢᠬᠦᠯᠬᠦ ᠲᠤᠬᠠᠢ ᠨᠠᠮ᠎ᠤᠨ ᠲᠥᠪ ᠬᠣᠷᠢᠶ᠎ᠠ ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠂ ᠥᠪᠡᠷᠲᠡᠭᠡᠨ ᠵᠠᠰᠠᠬᠤ ᠣᠷᠣᠨ᠎ᠤ ᠳ᠋ᠠᠢᠲ᠋ᠠ ᠪᠠ ᠵᠣᠬᠢᠶᠠᠮᠠᠯ ᠣᠶᠣᠨ᠎ᠤ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠲᠦᠷᠭᠡᠬᠡᠨ ᠪᠦᠷᠢᠯᠳᠦᠭᠦᠯᠵᠦ᠂ ᠠᠵᠤ ᠦᠢᠯᠡᠰ᠎ᠦᠨ ᠳ᠋ᠢᠭᠢᠲᠴᠢᠯᠡᠯᠲᠡ ᠣᠶᠤᠨᠴᠢᠯᠠᠯᠲᠠ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠳᠤ ᠨᠢ ᠴᠢᠳᠠᠮᠵᠢ ᠣᠯᠭᠣᠬᠤ᠎ᠶᠢᠨ ᠲᠤᠯᠠᠳᠠ ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ᠂ ᠲᠣᠰ ᠲᠥᠷᠥ᠍᠎ᠶᠢᠨ ᠪᠣᠳᠣᠯᠭ᠎ᠠ᠎ᠶᠢ ᠳᠣᠭᠲᠠᠭᠠᠪᠠ᠃