2025 ᠣᠨ᠎ᠤ ᠠᠵᠢᠯ᠎ᠠᠴᠠ᠎ᠪᠠᠨ ᠠᠮᠠᠷᠠᠭᠰᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠳᠦ ᠲᠣᠬᠢᠷᠠᠭᠤᠯᠤᠯᠲᠠ ᠬᠢᠬᠦ᠌ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠮᠡᠳᠡᠭ᠌ᠳᠡᠯ
ᠥᠪᠥᠷ ᠬᠥᠮᠥᠨ ᠨᠡᠢᠭᠡᠮ ᠲᠠᠷᠬᠠᠭᠠᠭᠰᠠᠨ 〔2025〕 25 ᠳ᠋ᠤᠭᠠᠷ ᠲᠣᠭᠠᠲᠤ
ᠡᠯ᠎ᠡ ᠠᠢᠮᠠᠭ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠂ ᠡᠳ᠋᠎ᠦᠨ ᠵᠠᠰᠠᠭ᠎ᠤᠨ ᠲᠣᠪᠴᠢᠶ᠎ᠠ᠂ ᠮᠠᠨᠵᠤᠤᠷ ᠬᠣᠲᠠ᠎ᠶ᠋ᠢᠨ ᠪᠠ ᠡᠷᠢᠶᠡᠨ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠂ ᠡᠳ᠋᠎ᠦᠨ ᠵᠠᠰᠠᠭ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠡᠯᠲᠡᠰ᠂ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠎ᠶᠢᠨ ᠺᠠᠳ᠋ᠷ (ᠠᠵᠢᠯᠲᠠᠨ᠎ᠤ ᠶᠠᠪᠤᠳᠠᠯ)᠎ᠤᠨ ᠭᠠᠵᠠᠷ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠦᠨ ᠡᠯ᠎ᠡ ᠪᠠᠢᠭᠤᠯᠭ᠎ᠠ ᠠᠵᠢᠯ ᠦᠢᠯᠡᠰ᠎ᠦᠨ ᠨᠢᠭᠡᠴᠢ᠎ᠳᠦ᠄
ᠬᠥᠮᠥᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠂ ᠡᠳ᠋᠎ᠦᠨ ᠵᠠᠰᠠᠭ᠎ᠤᠨ ᠶᠠᠮᠤᠨ᠎ᠤ 《2025 ᠣᠨ᠎ᠤ ᠠᠵᠢᠯ᠎ᠡᠴᠡ᠎ᠪᠠᠨ ᠠᠮᠠᠷᠠᠭᠰᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠳᠦ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ》 (ᠬᠥᠮᠥᠨ ᠨᠡᠢᠭᠡᠮ ᠶᠠᠮᠤᠨ ᠲᠠᠷᠬᠠᠭᠠᠭᠰᠠᠨ 〔2025〕 38 ᠳ᠋ᠤᠭᠠᠷ ᠲᠣᠭᠠᠲᠤ)᠎ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠦᠪᠱᠢᠶᠡᠷᠡᠭᠦᠯᠦᠭ᠌ᠰᠡᠨᠦ ᠬᠠᠮᠲᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠂ ᠡᠳ᠋᠎ᠦᠨ ᠵᠠᠰᠠᠭ᠎ᠤᠨ ᠶᠠᠮᠤᠨ᠎ᠳᠤ ᠮᠡᠳᠡᠭᠦᠯᠦᠨ ᠳᠠᠩᠰᠠᠯᠠᠭᠤᠯᠤᠭᠠᠳ᠂ ᠡᠳᠦᠭᠡ ᠮᠠᠨ᠎ᠤ ᠣᠷᠣᠨ᠎ᠤ 2025 ᠣᠨ᠎ᠤ ᠠᠵᠢᠯ᠎ᠡᠴᠡ᠎ᠪᠠᠨ ᠠᠮᠠᠷᠠᠭᠰᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠳᠦ ᠲᠣᠬᠢᠷᠠᠭᠤᠯᠤᠯᠲᠠ ᠬᠢᠬᠦ ᠬᠣᠯᠪᠣᠭ᠍ᠳᠠᠯ ᠪᠦᠬᠦᠢ ᠵᠦᠢᠯᠡᠰ᠎ᠢ ᠲᠣᠣᠷᠠᠬᠢ ᠮᠡᠲᠦ ᠮᠡᠳᠡᠭ᠌ᠳᠡᠶ᠎ᠡ᠄
ᠨᠢᠭᠡ᠂ ᠲᠣᠬᠢᠷᠠᠭᠤᠯᠤᠯᠲᠠ ᠬᠢᠬᠦ ᠬᠡᠪᠴᠢᠶ᠎ᠡ
ᠠᠯᠪᠠᠨ ᠪᠠᠢᠭᠤᠯᠭ᠎ᠠ ᠠᠵᠢᠯ ᠦᠢᠯᠡᠰ᠎ᠦᠨ ᠨᠢᠭᠡᠴᠢ᠎ᠶ᠋ᠢᠨ ᠪᠠ ᠠᠵᠤ ᠠᠬᠤᠢᠯᠠᠯ᠎ᠤᠨ 2024 ᠣᠨ᠎ᠤ 12 ᠳ᠋ᠤᠭᠠᠷ ᠰᠠᠷ᠎ᠠ᠎ᠶᠢᠨ 31᠎ᠦ ᠡᠳᠦᠷ᠎ᠡᠴᠡ ᠡᠮᠦᠨ᠎ᠡ ᠲᠣᠭᠲᠠᠭᠠᠯ ᠶᠣᠰᠣᠭᠠᠷ ᠠᠵᠢᠯ᠎ᠡᠴᠡ᠎ᠪᠠᠨ ᠠᠮᠠᠷᠠᠬᠤ (ᠠᠵᠢᠯ᠎ᠤᠨ ᠪᠠᠢᠷᠢ᠎ᠠᠴᠠ᠎ᠪᠠᠨ ᠰᠠᠯᠬᠤ) ᠭᠠᠷᠳᠠᠮ᠎ᠢᠶᠠᠨ ᠭᠦᠢᠴᠡᠳᠭᠡᠭ᠌ᠰᠡᠨ ᠪᠦᠭᠡᠳ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ (ᠠᠵᠢᠯ᠎ᠤᠨ ᠪᠠᠢᠷᠢ᠎ᠠᠴᠠ᠎ᠪᠠᠨ ᠰᠠᠯᠤᠭ᠍ᠰᠠᠳᠤᠨ ᠠᠮᠢᠳᠤᠷᠠᠯ᠎ᠤᠨ ᠵᠠᠷᠤᠳᠠᠯ)᠎ᠪᠠᠨ ᠰᠠᠷ᠎ᠠ᠎ᠪᠠᠷ ᠠᠪᠴᠤ ᠪᠠᠢᠭ᠎ᠠ ᠠᠵᠢᠯ᠎ᠡᠴᠡ᠎ᠪᠠᠨ ᠠᠮᠠᠷᠠᠭᠰᠠᠳ (ᠠᠵᠢᠯ᠎ᠤᠨ ᠪᠠᠢᠷᠢ᠎ᠠᠴᠠ᠎ᠪᠠᠨ ᠰᠠᠯᠤᠭ᠍ᠰᠠᠳ)᠂ ᠳᠠᠷᠠᠭᠠᠴᠢ᠎ᠪᠠᠷ ᠠᠵᠢᠯ᠎ᠡᠴᠡ᠎ᠪᠠᠨ ᠠᠮᠠᠷᠠᠭᠰᠠᠳ ᠭᠡᠵᠦ ᠲᠣᠪᠴᠢᠯᠠᠨ᠎ᠠ᠃
ᠬᠣᠶᠠᠷ᠂ ᠠᠵᠢᠯ᠎ᠡᠴᠡ᠎ᠪᠠᠨ ᠠᠮᠠᠷᠠᠭᠰᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠮᠥᠩᠭᠦ᠌᠎ᠳᠦ ᠲᠣᠬᠢᠷᠠᠭᠤᠯᠤᠯᠲᠠ ᠬᠢᠬᠦ᠌ ᠪᠠᠷᠢᠮᠵᠢᠶ᠎ᠠ
(ᠨᠢᠭᠡ) ᠨᠣᠷᠮ᠎ᠠ ᠲᠣᠭᠲᠠᠭᠠᠨ ᠲᠣᠬᠢᠷᠠᠭᠤᠯᠤᠯᠲᠠ ᠬᠢᠨ᠎ᠡ ᠃ ᠠᠵᠢᠯ᠎ᠠᠴᠠ᠎ᠪᠠᠨ ᠠᠮᠠᠷᠠᠭᠰᠠᠳ ᠬᠥᠮᠥᠨ ᠨᠢᠭᠡ ᠪᠦᠷᠢᠳᠦ ᠰᠠᠷ᠎ᠠ᠎ᠶ᠋ᠢᠨ 28 ᠲᠥᠭᠥᠷᠢᠭ ᠨᠡᠮᠡᠭᠳᠡᠭᠦᠯᠦᠨ᠎ᠡ᠃
(ᠬᠣᠶᠠᠷ) ᠨᠠᠰᠤᠵᠢᠯ᠎ᠤᠨ ᠠᠰᠠᠷᠠᠮᠵᠢ᠎ᠶ᠋ᠢᠨ ᠮᠥᠩᠭᠦᠨ᠎ᠦ ᠬᠢᠷᠢ ᠲᠦᠪᠱᠢᠨ᠎ᠢᠶᠡᠷ ᠲᠣᠬᠢᠷᠠᠭᠤᠯᠤᠯᠲᠠ ᠬᠢᠨ᠎ᠡ ᠃ ᠠᠵᠢᠯ᠎ᠠᠴᠠ᠎ᠪᠠᠨ ᠠᠮᠠᠷᠠᠭᠰᠠᠳ᠎ᠲᠤ ᠲᠣᠰ ᠬᠥᠮᠥᠨ᠎ᠦ 2024 ᠣᠨ᠎ᠤ 12 ᠳ᠋ᠤᠭᠠᠷ ᠰᠠᠷ᠎ᠠ᠎ᠳᠠᠬᠢ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶᠢᠨ ᠬᠢᠷᠢ ᠲᠦᠪᠰᠢᠨ᠎ᠦ 0.5%᠎ᠪᠠᠷ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶᠢ ᠨᠢ ᠨᠡᠮᠡᠭᠳᠡᠭᠦᠯᠦᠨ᠎ᠡ (ᠲᠣᠬᠢᠷᠠᠭᠤᠯᠤᠯᠲᠠ ᠬᠢᠬᠦ ᠰᠠᠭᠤᠷᠢ ᠲᠣᠭ᠎ᠠ᠎ᠶᠢ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠰᠠᠭᠤᠷᠢ ᠮᠥᠩᠭᠥ᠌᠎ᠶ᠋ᠢᠨ ᠪᠤᠳᠣᠵᠣ ᠥᠭ᠌ᠬᠦ ᠲᠦᠷᠦᠯ ᠵᠦᠢᠯ᠎ᠳᠦ ᠵᠢᠭ᠍ᠰᠠᠭᠠᠭ᠍ᠰᠠᠨ᠎ᠢᠶᠠᠷ ᠪᠠᠷᠢᠮᠵᠢᠶ᠎ᠠ ᠪᠣᠯᠭᠠᠨ᠎ᠠ)
(ᠭᠤᠷᠪᠠ) ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ᠎ᠪᠠᠷ ᠲᠣᠬᠢᠷᠠᠭᠤᠯᠤᠯᠲᠠ ᠬᠢᠨ᠎ᠡ ᠃ ᠠᠵᠢᠯ᠎ᠡᠴᠡ᠎ᠪᠠᠨ ᠠᠮᠠᠷᠠᠭᠰᠠᠳ᠎ᠲᠤ ᠲᠣᠰ ᠬᠥᠮᠥᠨ᠎ᠦ ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ ᠯᠤᠭ᠎ᠠ ᠬᠠᠷᠠᠭᠠᠯᠵᠠᠭᠤᠯᠤᠨ ᠬᠣᠯᠪᠣᠭ᠍ᠳᠠᠭᠤᠯᠵᠤ ᠲᠣᠬᠢᠷᠠᠭᠤᠯᠤᠯᠲᠠ ᠬᠢᠨ᠎ᠡ (ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ᠎ᠳᠤ ᠬᠤᠪᠢ ᠬᠥᠮᠥᠨ᠎ᠦ ᠵᠠᠷᠤᠳᠠᠯ ᠲᠤᠰᠢᠶᠠᠬᠤ ᠳᠦᠷᠢᠮ᠎ᠢ ᠬᠡᠷᠡᠭᠵᠢᠭᠦᠯᠬᠦ᠎ᠡᠴᠡ ᠡᠮᠦᠨᠡᠬᠢ ᠦᠷᠭᠦᠯᠵᠢᠯᠡᠨ ᠠᠵᠢᠯᠯᠠᠭᠰᠠᠨ ᠣᠨ ᠵᠢᠯ ᠪᠠᠭᠲᠠᠨ᠎ᠠ᠂ 1 ᠵᠢᠯ ᠪᠣᠯᠣᠭᠠᠳᠤᠢ ᠵᠠᠷᠤᠳᠠᠯ ᠲᠤᠱᠢᠶᠠᠭ᠍ᠰᠠᠨ ᠬᠤᠭᠤᠴᠠᠭ᠎ᠠ᠎ᠶ᠋ᠢ ᠨᠢ 1 ᠵᠢᠯ᠎ᠢᠶᠡᠷ ᠪᠤᠳᠤᠨ᠎ᠠ᠂ ᠬᠣᠯᠪᠣᠭᠳᠠᠯ ᠪᠦᠬᠦᠢ ᠲᠣᠭᠲᠠᠭᠠᠯ᠎ᠢᠶᠠᠷ ᠨᠤᠭᠤᠯᠤᠨ ᠪᠣᠳᠣᠵᠤ ᠭᠠᠷᠭᠠᠭ᠍ᠰᠠᠨ ᠠᠵᠢᠯᠯᠠᠭᠰᠠᠨ ᠣᠨ ᠵᠢᠯ᠎ᠢ ᠪᠠᠭ᠍ᠲᠠᠭᠠᠬᠤ ᠦᠭᠡᠢ)᠂ ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ ᠨᠢ 1 ᠵᠢᠯ ᠪᠣᠯᠬᠤ ᠪᠦᠷᠢ 0.5 ᠲᠥᠭᠥᠷᠢᠭ ᠨᠡᠮᠡᠭᠳᠡᠭᠦᠯᠦᠨ᠎ᠡ ᠃ ᠲᠣᠰ ᠵᠦᠢᠯ᠎ᠦᠨ ᠲᠣᠬᠢᠷᠠᠭᠤᠯᠤᠯᠲᠠ᠎ᠳᠦ 7.5 ᠲᠥᠭᠥᠷᠢᠭ᠎ᠲᠦ ᠬᠦᠷᠬᠦ ᠦᠭᠡᠢ᠎ᠶ᠋ᠢ ᠨᠢ 7.5 ᠲᠥᠭᠥᠷᠢᠭ᠎ᠢᠶᠡᠷ ᠲᠣᠬᠢᠷᠠᠭᠤᠯᠤᠯᠲᠠ ᠬᠢᠨ᠎ᠡ ᠃
(ᠳᠥᠷᠪᠡ) ᠠᠬᠢᠮᠠᠭ ᠨᠠᠰᠤᠲᠠᠢ ᠬᠦᠮᠦᠰ᠎ᠲᠦ ᠲᠣᠬᠢᠷᠠᠭᠤᠯᠤᠯᠲᠠ ᠬᠢᠬᠦ᠌᠎ᠪᠡᠨ ᠬᠡᠯᠪᠡᠢᠯᠭᠡᠨ᠎ᠡ᠃ 2024 ᠣᠨ᠎ᠤ 12 ᠳ᠋ᠤᠭᠠᠷ ᠰᠠᠷ᠎ᠠ᠎ᠶᠢᠨ 31᠎ᠦ ᠡᠳᠦᠷ ᠪᠣᠯᠲᠠᠯ᠎ᠠ᠂ ᠪᠦᠬᠦᠯᠢ 70 ᠨᠠᠰᠤᠳᠤ ᠬᠦᠷᠦᠭ᠌ᠰᠡᠨ ᠠᠵᠢᠯ᠎ᠠᠴᠠ᠎ᠪᠠᠨ ᠠᠮᠠᠷᠠᠭᠰᠠᠳ᠎ᠲᠤ᠂ ᠬᠥᠮᠥᠨ ᠪᠦᠷᠢᠳᠦ ᠰᠠᠷ᠎ᠠ᠎ᠶ᠋ᠢᠨ 30 ᠲᠥᠭᠥᠷᠢᠭ ᠨᠡᠮᠡᠭᠳᠡᠭᠦᠯᠦᠨ᠎ᠡ ; ᠪᠦᠬᠦᠯᠢ 70 ᠨᠠᠰᠤᠨ᠎ᠡᠴᠡ ᠳᠡᠭᠡᠭᠰᠢᠬᠢ ᠠᠵᠢᠯ᠎ᠡᠴᠡ᠎ᠪᠠᠨ ᠠᠮᠠᠷᠠᠭᠰᠠᠳ᠎ᠲᠤ᠂ 1 ᠨᠠᠰᠤ ᠨᠡᠮᠡᠭᠳᠡᠬᠦ ᠪᠦᠷᠢ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠎ᠶ᠋ᠢ ᠨᠢ ᠳᠠᠬᠢᠭᠠᠳ 1 ᠲᠥᠭᠥᠷᠢᠭ ᠨᠡᠮᠡᠭᠳᠡᠭᠦᠯᠦᠨ᠎ᠡ ᠃
(ᠲᠠᠪᠤ) ᠠᠵᠤ ᠠᠬᠤᠢᠯᠠᠯ᠎ᠳᠡᠬᠢ ᠴᠡᠷᠢᠭ᠎ᠦᠨ ᠠᠯᠪᠠᠨ᠎ᠠᠴᠠ ᠠᠵᠢᠯ ᠱᠢᠯᠵᠢᠭᠡᠳ ᠠᠵᠢᠯ᠎ᠠᠴᠠ᠎ᠪᠠᠨ ᠠᠮᠠᠷᠠᠭ᠍ᠰᠠᠨ ᠺᠠᠳ᠋ᠷᠴᠤᠳ᠎ᠲᠤ ᠳᠡᠭᠡᠷ᠎ᠡ ᠳᠤᠷᠠᠳᠤᠭ᠍ᠰᠠᠨ ᠪᠠᠷᠢᠮᠵᠢᠶ᠎ᠠ᠎ᠪᠠᠷ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠳᠦ ᠨᠢ ᠲᠣᠬᠢᠷᠠᠭᠤᠯᠤᠯᠲᠠ ᠬᠢᠭᠰᠡᠨ᠎ᠦ ᠳᠠᠷᠠᠭ᠎ᠠ᠂ ᠲᠤᠬᠠᠢ᠎ᠶᠢᠨ ᠭᠠᠵᠠᠷ᠎ᠤᠨ ᠠᠵᠤ ᠠᠬᠤᠢᠯᠠᠯ᠎ᠠᠴᠠ ᠠᠵᠢᠯ᠎ᠡᠴᠡ᠎ᠪᠠᠨ ᠠᠮᠠᠷᠠᠭᠰᠠᠳ᠎ᠤᠨ ᠳᠤᠮᠳᠠᠴᠢ ᠨᠠᠰᠤᠵᠢᠯ᠎ᠤᠨ ᠠᠰᠠᠷᠠᠮᠵᠢ᠎ᠶᠢᠨ ᠮᠥᠩᠭᠥᠨ᠎ᠦ ᠬᠢᠷᠢ ᠲᠦᠪᠱᠢᠨ᠎ᠡᠴᠡ ᠳᠣᠣᠷ᠎ᠠ ᠪᠠᠢᠪᠠᠯ᠂ ᠲᠤᠬᠠᠢ᠎ᠶᠢᠨ ᠭᠠᠵᠠᠷ᠎ᠤᠨ ᠠᠵᠢᠯ᠎ᠠᠴᠠ᠎ᠪᠠᠨ ᠠᠮᠠᠷᠠᠭ᠍ᠰᠠᠳ᠎ᠤᠨ ᠳᠤᠮᠳᠠᠴᠢ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥᠨ᠎ᠦ ᠬᠢᠷᠢ ᠲᠦᠪᠱᠢᠨ ᠬᠦᠷᠲᠡᠯ᠎ᠡ ᠨᠦᠬᠦᠪᠦᠷᠢᠯᠡᠨ᠎ᠡ᠃
ᠭᠤᠷᠪᠠ᠂ ᠬᠡᠷᠡᠭ᠌ᠵᠢᠭᠦᠯᠬᠦ᠌ ᠴᠠᠭ
ᠲᠣᠬᠢᠷᠠᠭᠤᠯᠵᠤ ᠨᠡᠮᠡᠭᠳᠡᠭᠦᠯᠦᠭᠰᠡᠨ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶᠢ 2025 ᠣᠨ᠎ᠤ 1 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ ᠡᠬᠢᠯᠡᠨ ᠪᠣᠳᠣᠵᠤ ᠬᠡᠷᠡᠭᠵᠢᠭᠦᠯᠦᠨ᠎ᠡ᠃
ᠳᠥᠷᠪᠡ᠂ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠎ᠳᠦ ᠲᠣᠬᠢᠷᠠᠭᠤᠯᠤᠯᠲᠠ ᠬᠢᠬᠦ᠎ᠳᠦ ᠬᠡᠷᠡᠭᠰᠡᠬᠦ ᠪᠡᠯᠡ ᠮᠥᠩᠭᠥ
ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭᠠᠳᠬᠠᠯ᠎ᠤᠨ ᠨᠢᠭᠡᠳᠦᠯᠲᠡᠢ ᠲᠥᠯᠥᠪᠯᠡᠬᠦ᠎ᠳᠦ ᠣᠷᠣᠯᠴᠠᠭᠰᠠᠨ ᠪᠠᠢᠪᠠᠯ᠂ ᠲᠣᠬᠢᠷᠠᠭᠤᠯᠵᠤ ᠨᠡᠮᠡᠭ᠌ᠳᠡᠭᠦᠯᠬᠦ᠌ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶ᠋ᠢ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭᠠᠳᠬᠠᠯ᠎ᠤᠨ ᠰᠠᠭᠤᠷᠢ ᠮᠥᠩᠭᠥ᠎ᠡᠴᠡ ᠭᠠᠷᠭᠠᠨ᠎ᠠ; ᠠᠯᠪᠠᠨ ᠪᠠᠢᠭᠤᠯᠭ᠎ᠠ ᠠᠵᠢᠯ ᠦᠢᠯᠡᠰ᠎ᠦᠨ ᠨᠢᠭᠡᠴᠢ᠎ᠶ᠋ᠢᠨ ᠦᠨᠳᠦᠰᠦᠨ ᠨᠠᠰᠤᠵᠢᠯ᠎ᠤᠨ ᠳᠠᠭᠠᠳᠬᠠᠯ᠎ᠤᠨ ᠨᠢᠭᠡᠳᠦᠯᠲᠡᠢ ᠲᠥᠯᠥᠪᠯᠡᠬᠦ᠎ᠳᠦ ᠣᠷᠣᠯᠴᠠᠭᠰᠠᠨ ᠪᠠᠢᠪᠠᠯ᠂ ᠲᠣᠬᠢᠷᠠᠭᠤᠯᠵᠤ ᠨᠡᠮᠡᠭ᠌ᠳᠡᠭᠦᠯᠬᠦ᠌ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶ᠋ᠢ ᠠᠯᠪᠠᠨ ᠪᠠᠢᠭᠤᠯᠭ᠎ᠠ ᠠᠵᠢᠯ ᠦᠢᠯᠡᠰ᠎ᠦᠨ ᠨᠢᠭᠡᠴᠢ᠎ᠶ᠋ᠢᠨ ᠨᠠᠰᠤᠵᠢᠯ᠎ᠤᠨ ᠳᠠᠭᠠᠳᠭᠠᠯ᠎ᠤᠨ ᠰᠠᠭᠤᠷᠢ ᠮᠥᠩᠭᠦ᠌᠎ᠡᠴᠡ ᠭᠠᠷᠭᠠᠨ᠎ᠠ᠃ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠳᠤ ᠣᠷᠣᠯᠴᠠᠭᠰᠠᠨ ᠦᠭᠡᠢ ᠪᠠᠢᠪᠠᠯ᠂ ᠲᠣᠬᠢᠷᠠᠭᠤᠯᠬᠤ᠎ᠳᠤ ᠬᠡᠷᠡᠭᠰᠡᠬᠦ ᠪᠡᠯᠡ ᠮᠥᠩᠭᠥ᠎ᠶᠢ ᠤᠤᠯ᠎ᠤᠨ ᠠᠷᠭ᠎ᠠ ᠵᠠᠮ᠎ᠢᠶᠠᠷ ᠨᠢ ᠱᠢᠢᠳᠪᠦᠷᠢᠯᠡᠭᠦᠯᠦᠨ᠎ᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ
ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ
2025 ᠣᠨ᠎ᠤ 7 ᠳ᠋ᠤᠭᠠᠷ ᠰᠠᠷ᠎ᠠ᠎ᠶᠢᠨ 24᠎ᠦ ᠡᠳᠦᠷ