ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠥᠪᠡᠷᠲᠡᠭᠡᠨ ᠵᠠᠰᠠᠬᠤ ᠣᠷᠣᠨ ᠪᠣᠯᠣᠨ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ 《ᠥᠪᠥᠷ ᠮᠣᠩᠭᠣᠯ᠎ᠤᠨ ᠪᠦᠭᠦ ᠤᠯᠤᠰ᠎ᠤᠨ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠬᠤ ᠪᠠᠢ᠌ᠯᠳᠤᠬᠤ ᠪᠣᠳᠣᠯᠭ᠎ᠠ ᠵᠢᠨ ᠭᠣᠣᠯᠳᠠᠯᠭ᠎ᠠ᠎ᠲᠠᠢ ᠡᠭᠦᠷᠭᠡ ᠵᠢᠨ ᠰᠤᠳᠤᠯᠭ᠋ᠠᠨ》᠎ᠤ ᠰᠡᠳᠦᠪ᠎ᠤᠨ ᠦᠷ᠎ᠡ ᠪᠦᠲᠦᠭᠡᠯ᠎ᠤᠨ ᠰᠣᠯᠢᠯᠴᠠᠭ᠋ᠠᠨ᠎ᠤ ᠬᠤᠷᠠᠯ ᠬᠢᠪᠡ ᠰᠦᠨ ᠱᠤᠤ ᠴᠧᠩ ᠯᠢ ᠰᠢᠶᠣᠣ ᠬᠣᠩ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ᠎ᠢ ᠡᠷᠭᠢᠯᠡᠪᠡ
ᠨᠡᠶ᠋ᠢᠲᠡᠯᠡᠭᠰᠡᠨ ᠴᠠᠭ᠄ 2025-02-20


      2 ᠰᠠᠷ᠎ᠠ ᠵᠢᠨ 19᠎ᠤ  ᠡᠳᠦᠷ᠂ ᠥᠪᠡᠷᠲᠡᠭᠡᠨ ᠵᠠᠰᠠᠬᠤ ᠣᠷᠣᠨ ᠪᠣᠯᠣᠨ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ ᠭᠦᠭᠡᠬᠣᠲᠠ᠎ᠳᠤ 《ᠥᠪᠥᠷ ᠮᠣᠩᠭᠣᠯ᠎ᠤᠨ ᠪᠦᠭᠦ ᠤᠯᠤᠰ᠎ᠤᠨ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠬᠤ ᠪᠠᠢ᠌ᠯᠳᠤᠬᠤ ᠪᠣᠳᠣᠯᠭ᠎ᠠ ᠵᠢᠨ ᠭᠣᠣᠯᠳᠠᠯᠭ᠎ᠠ᠎ᠲᠠᠢ ᠡᠭᠦᠷᠭᠡ ᠵᠢᠨ ᠰᠤᠳᠤᠯᠭ᠋ᠠᠨ》᠎ᠤ  ᠰᠡᠳᠦᠪ᠎ᠤᠨ ᠦᠷ᠎ᠡ ᠪᠦᠲᠦᠭᠡᠯ᠎ᠤᠨ ᠰᠣᠯᠢᠯᠴᠠᠭ᠋ᠠᠨ᠎ᠤ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ  ᠱᠦᠵᠢ ᠰᠦᠨ ᠱᠤᠤ ᠴᠧᠩ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠬᠦᠷᠢᠶᠡᠯᠡᠩ᠎ᠤᠨ ᠳᠠᠷᠤᠭ᠎ᠠ ᠯᠢ ᠰᠢᠶᠣᠣ ᠬᠣᠩ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ  ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠸᠠᠩ ᠯᠢ ᠰᠢᠶᠠ ᠬᠤᠷᠠᠯ᠎ᠢ ᠡᠷᠭᠢᠯᠡᠪᠡ᠃


1.jpg

       ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ᠂ ᠰᠡᠳᠦᠪ᠎ᠤᠨ ᠲᠥᠷᠥᠯ ᠵᠦᠢ᠍ᠯ᠎ᠢ ᠭᠦᠢ᠍ᠴᠡᠳᠬᠡᠬᠦ ᠳᠤᠭᠤᠢ᠌ᠯᠠᠩ᠎ᠤᠨ ᠳᠠᠷᠤᠭ᠎ᠠ ᠯᠦ᠍ ᠴᠦᠨ ᠹᠠᠩ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ ᠦ᠋ ᠴᠢᠶᠠᠩ᠂ ᠱᠤᠤ ᠠᠨ ᠯᠢᠨ᠂ ᠯᠣ᠌ ᠵᠢᠶᠦ᠋ᠨ᠂ ᠳ᠋ᠦ᠋ ᠶᠠᠨ ᠯᠢᠶᠠᠩ ᠲᠣᠰ ᠲᠣᠰ ᠰᠡᠳᠦᠪ᠎ᠤᠨ ᠰᠤᠳᠤᠯᠭ᠋ᠠᠨ᠎ᠤ ᠦᠷ᠎ᠡ ᠪᠦᠲᠦᠭᠡᠯ᠎ᠢ ᠲᠠᠨᠢᠯᠴᠠᠭᠤᠯᠵᠤ᠂ ᠥᠪᠥᠷ ᠮᠣᠩᠭᠣᠯ᠎ᠤᠨ ᠲᠣᠰ ᠪᠡᠶ᠎ᠡ ᠵᠢᠨ ᠳᠠᠪᠠᠭᠤᠯᠢᠭ ᠵᠶ᠋ᠠᠨ ᠬᠡᠷᠬᠢᠨ ᠨᠠᠩ ᠰᠠᠢ᠌ᠲᠤᠷ ᠪᠠᠳᠠᠷᠠᠭᠤᠯᠵᠤ ᠤᠯᠤᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠶᠡᠬᠡ ᠲᠠᠯ᠎ᠠ᠎ᠳᠤ ᠦᠢ᠍ᠯᠡᠴᠢᠯᠡᠬᠦ ᠲᠤᠬᠠᠢ ᠰᠠᠨᠠᠯ ᠰᠠᠨᠠᠭᠤᠯᠭ᠎ᠠ ᠳᠤᠷᠠᠳᠪᠠ᠃

       ᠯᠢ ᠰᠢᠶᠣᠣ ᠬᠣᠩ ᠶᠠᠷᠢᠶᠠᠨ᠎ᠳᠠᠭᠠᠨ᠂ ᠤᠷᠳᠤ ᠬᠤᠭᠤᠴᠠᠭ᠋ᠠᠨ᠎ᠤ ᠲᠤᠷᠰᠢ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ ᠪᠣᠯᠣᠨ ᠥᠪᠥᠷ ᠮᠣᠩᠭᠣᠯ᠎ᠤᠨ ᠬᠠᠮᠲᠤᠷᠠᠯᠴᠠᠭ᠎ᠠ ᠮᠠᠰᠢ ᠰᠠᠢ᠌ᠨ ᠪᠠᠢ᠌ᠵᠤ᠂ ᠴᠢᠬᠤᠯᠠ ᠶᠡᠬᠡ ᠵᠥᠪᠯᠡᠯᠭᠡ ᠥᠭᠬᠦ ᠵᠥᠪᠯᠡᠨ ᠲᠣᠭᠲᠠᠭ᠋ᠠᠬᠤ᠂ ᠠᠵᠤ ᠦᠢ᠍ᠯᠡᠰ᠎ᠤᠨ ᠬᠥᠭᠵᠢᠯᠲᠡ᠂ ᠰᠢᠨᠵᠢᠯᠡᠬᠦ ᠤᠬᠠᠭ᠋ᠠᠨ ᠲᠸᠭ᠌ᠨ᠋ᠢ᠌ᠠ᠋ ᠮᠡᠷᠭᠡᠵᠢᠯ᠎ᠤᠨ ᠰᠤᠳᠤᠯᠤᠨ ᠨᠡᠭᠡᠭᠡᠯᠲᠡ ᠵᠡᠷᠭᠡ ᠤᠯᠠᠨ ᠬᠦᠷᠢᠶᠡᠨ᠎ᠳᠤ ᠭᠦᠨᠵᠡᠭᠡᠢ ᠬᠠᠮᠲᠤᠷᠠᠯᠴᠠᠪᠠ᠃ ᠨᠢᠳᠤᠨᠤᠨ᠂ ᠥᠪᠥᠷ ᠮᠣᠩᠭᠣᠯ᠎ᠤᠨ᠎ᠬᠢᠨ ᠢᠨᠵᠧᠨᠧᠷᠢᠩ᠎ᠤᠨ ᠬᠦᠷᠢᠶᠡᠯᠡᠩ᠎ᠳᠤ ᠨᠠᠢ᠌ᠳᠠᠵᠤ 《ᠥᠪᠥᠷ ᠮᠣᠩᠭᠣᠯ᠎ᠤᠨ ᠪᠦᠭᠦ ᠤᠯᠤᠰ᠎ᠤᠨ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠬᠤ ᠪᠠᠢ᠌ᠯᠳᠤᠬᠤ ᠪᠣᠳᠣᠯᠭ᠎ᠠ ᠵᠢᠨ ᠭᠣᠣᠯᠳᠠᠯᠭ᠎ᠠ᠎ᠲᠠᠢ ᠡᠭᠦᠷᠭᠡ》 ᠵᠢᠨ ᠰᠤᠳᠤᠯᠭ᠋ᠠᠨ᠎ᠢ ᠥᠷᠨᠢᠭᠦᠯᠪᠡ᠃ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠯᠤᠰ᠎ᠤᠨ ᠱᠠᠭ᠋ᠠᠷᠳᠠᠯᠭ᠎ᠠ᠎ᠪᠠᠷ ᠪᠠᠷᠢᠮᠵᠢᠶᠠᠯᠠᠵᠤ᠂ ᠡᠨᠧᠷᠭᠢ ᠬᠢᠮᠢ ᠵᠢᠨ ᠠᠵᠤ ᠦᠢ᠍ᠯᠡᠳᠪᠦᠷᠢ᠂ ᠠᠭᠤᠷᠬᠠᠢ ᠵᠢᠨ ᠭᠠᠷᠤᠯᠲᠠ ᠡᠬᠢ ᠪᠠᠶᠠᠯᠢᠭ᠂ ᠳ᠋ᠠᠢ᠌ᠲ᠋ᠠ ᠪᠣᠳᠣᠯᠲᠠ ᠵᠢᠨ  ᠬᠦᠴᠦᠨ᠂ ᠰᠠᠭᠤᠷᠢ ᠲᠥᠬᠦᠭᠡᠷᠦᠮᠵᠢ ᠵᠡᠷᠭᠡ ᠭᠣᠣᠯᠳᠠᠯᠭ᠎ᠠ᠎ᠲᠠᠢ ᠬᠦᠷᠢᠶᠡᠨ᠎ᠤ ᠲᠣᠭᠣᠷᠢᠨ᠎ᠳᠤ ᠭᠦᠨᠵᠡᠭᠡᠢ ᠪᠠᠢ᠌ᠴᠠᠭ᠋ᠠᠨ ᠰᠤᠳᠤᠯᠤᠯᠲᠠ ᠬᠢᠵᠦ᠂ ᠰᠢᠰᠲ᠋ᠧᠮ᠎ᠲᠠᠢ ᠰᠤᠳᠤᠯᠵᠤ᠂ ᠱᠠᠲᠤᠴᠢ ᠴᠢᠨᠠᠷᠲᠠᠢ ᠦᠷ᠎ᠡ ᠪᠦᠲᠦᠭᠡᠯ ᠣᠯᠪᠠ᠃ ᠲᠠᠷᠠᠭ᠋ᠠᠴᠢ ᠵᠢᠨ ᠠᠯᠬᠤᠮ᠎ᠳᠤ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ ᠥᠪᠥᠷ ᠮᠣᠩᠭᠣᠯ᠎ᠲᠠᠢ ᠦᠷᠭᠦᠯᠵᠢᠯᠡᠨ ᠭᠠᠷ ᠬᠣᠯᠪᠣᠯᠴᠠᠨ᠂ ᠣᠲᠣ ᠵᠢᠨ ᠰᠤᠳᠤᠯᠭ᠋ᠠᠨ᠎ᠤ ᠠᠭᠤᠯᠭ᠎ᠠ᠎ᠳᠤ ᠴᠢᠭᠯᠡᠭᠦᠯᠦᠨ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠨᠠᠩ ᠪᠠᠲᠤ ᠪᠡᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠪᠠ ᠣᠶᠤᠨ᠎ᠤ ᠪᠠᠲᠤᠯᠠᠭ᠎ᠠ ᠬᠠᠩᠭ᠋ᠠᠨ᠎ᠠ ᠭᠡᠵᠡᠢ᠃

       ᠰᠦᠨ ᠱᠤᠤ ᠴᠧᠩ ᠶᠠᠷᠢᠶᠠᠨ᠎ᠳᠠᠭᠠᠨ᠂ ᠡᠩ ᠲᠡᠷᠢᠭᠦᠨ᠎ᠳᠤ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠥᠪᠥᠷ ᠮᠣᠩᠭᠣᠯ᠎ᠳᠤ ᠦᠵᠡᠭᠦᠯᠦᠭᠰᠡᠨ ᠤᠷᠳᠤ ᠬᠤᠭᠤᠴᠠᠭ᠋ᠠᠨ᠎ᠤ ᠲᠤᠷᠰᠢᠬᠢ ᠬᠠᠯᠠᠮᠵᠢᠯᠠᠯ ᠳᠡᠮᠵᠢᠯᠭᠡ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠠᠴᠠ ᠶᠡᠷᠦᠩᠬᠡᠢ ᠱᠦᠵᠢ ᠰᠢ ᠵᠢᠨ  ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠵᠢᠴᠢ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠡᠷᠭᠡ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠪᠠ᠃ ᠲᠡᠷᠡ᠂ ᠥᠪᠡᠷᠲᠡᠭᠡᠨ ᠵᠠᠰᠠᠬᠤ ᠣᠷᠣᠨ ᠪᠣᠯᠣᠨ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ ᠬᠠᠮᠲᠤᠷᠠᠨ ᠰᠡᠳᠦᠪ᠎ᠤᠨ ᠰᠤᠳᠤᠯᠭ᠋ᠠᠨ ᠥᠷᠨᠢᠭᠦᠯᠦᠭᠰᠡᠨ᠎ᠨᠢ ᠪᠢᠳᠡᠨ᠎ᠤ ᠶᠡᠷᠦᠩᠬᠡᠢ ᠱᠦᠵᠢ ᠰᠢ ᠵᠢᠨ  ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ᠂ ᠤᠯᠤᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠦᠵᠡᠭᠦᠯᠭᠦ ᠥᠪᠥᠷ ᠮᠣᠩᠭᠣᠯ᠎ᠤᠨ ᠲᠤᠯᠭ᠋ᠠᠭᠤᠷᠢᠯᠠᠬᠤ ᠦᠢ᠍ᠯᠡᠳᠦᠯ᠎ᠢ ᠨᠠᠩ ᠰᠠᠢ᠌ᠲᠤᠷ ᠪᠠᠳᠠᠷᠠᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠡᠨᠡ ᠤᠳᠠᠭ᠎ᠠ ᠵᠢᠨ ᠰᠡᠳᠦᠪ᠎ᠤᠨ ᠰᠤᠳᠤᠯᠭ᠋ᠠᠨ᠎ᠤ ᠦᠷ᠎ᠡ ᠪᠦᠲᠦᠭᠡᠯ᠎ᠨᠢ ᠥᠪᠥᠷ ᠮᠣᠩᠭᠣᠯ᠎ᠤᠨ ᠲᠤᠬᠠᠢ ᠨᠠᠮ᠎ᠤᠨ ᠲᠥᠪ ᠬᠣᠷᠢᠶ᠎ᠠ ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ᠎ᠳᠤ ᠰᠠᠭᠤᠷᠢᠯᠠᠵᠤ᠂ ᠪᠠᠷᠠᠯᠠᠯᠳᠤ ᠴᠢᠨᠠᠷᠲᠠᠢ᠂ ᠰᠢᠨᠵᠢᠯᠡᠬᠦ ᠤᠬᠠᠭ᠋ᠠᠨᠴᠢ ᠴᠢᠨᠠᠷᠲᠠᠢ᠂ ᠵᠢᠯᠤᠭᠣᠳᠬᠤ ᠴᠢᠨᠠᠷᠲᠠᠢ ᠰᠠᠨᠠᠭᠤᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠬᠡᠷᠡᠭᠴᠡᠭᠡ᠎ᠲᠠᠢ ᠳᠡᠭᠡᠳᠦ ᠬᠡᠮᠵᠢᠶ᠎ᠡ᠎ᠪᠠᠷ ᠨᠡᠢ᠌ᠴᠡᠵᠦ ᠪᠠᠢ᠌ᠨ᠎ᠠ᠃ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠠᠯ᠎ᠠ ᠵᠢᠨ᠎ᠬᠢᠨ ᠰᠤᠳᠤᠯᠭ᠋ᠠᠨ᠎ᠤ ᠰᠡᠳᠦᠪ᠎ᠲᠤ ᠳᠤᠷᠠᠳᠤᠭᠰᠠᠨ ᠭᠣᠣᠯᠳᠠᠯᠭ᠎ᠠ᠎ᠲᠠᠢ ᠲᠥᠷᠥᠯ ᠵᠦᠢ᠍ᠯ᠂ ᠴᠢᠬᠤᠯᠠ ᠶᠡᠬᠡ ᠢᠨᠵᠧᠨᠧᠷᠢᠩ᠎ᠲᠠᠢ ᠬᠠᠷᠢᠴᠠᠭᠤᠯᠵᠤ᠂ ᠲᠣᠰ ᠰᠠᠯᠠᠭ᠎ᠠ ᠮᠥᠴᠢᠷ ᠲᠣᠰ ᠬᠦᠷᠢᠶᠡᠨ᠎ᠳᠤ ᠶᠠᠭᠤ ᠬᠢᠵᠦ ᠳᠡᠢ᠌ᠯᠭᠦ ᠵᠢ ᠭᠦᠨᠵᠡᠭᠡᠢ ᠰᠤᠳᠤᠯᠵᠤ᠂ 《ᠳᠠᠢ᠌ᠯᠠᠯᠳᠤᠭ᠋ᠠᠨ》᠎ᠢ  ᠤᠷᠢᠳ ᠵᠶ᠋ᠠᠷ ᠬᠢᠵᠦ ᠡᠬᠢᠯᠡᠨ᠂ ᠦᠷ᠎ᠡ ᠪᠦᠲᠦᠭᠡᠯ᠎ᠤᠨ ᠬᠡᠷᠡᠭᠯᠡᠯᠲᠡ ᠵᠢ ᠦᠨᠡᠨ ᠬᠦ᠌ ᠰᠠᠢ᠌ᠲᠤᠷ ᠠᠳᠬᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭ᠋ᠠᠷ ᠲᠠᠪᠤᠨ ᠵᠢᠯ》᠎ᠤᠨ  ᠲᠥᠯᠦᠪᠵᠢᠭᠦᠯᠭᠡ ᠵᠢ ᠲᠣᠭᠲᠠᠭ᠋ᠠᠬᠤ᠎ᠲᠠᠢ ᠤᠶᠠᠯᠳᠤᠭᠤᠯᠤᠨ᠂ ᠰᠡᠳᠦᠪ᠎ᠤᠨ ᠦᠷ᠎ᠡ ᠪᠦᠲᠦᠭᠡᠯ᠎ᠤᠨ ᠬᠡᠷᠡᠭᠯᠡᠭᠡᠨ᠎ᠤ ᠳᠠᠯᠳᠠ ᠬᠦᠴᠦᠨ᠎ᠢ ᠠᠭᠤᠳᠠᠯᠵᠤ᠂ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠵᠢ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠠ ᠢᠨᠵᠧᠨᠧᠷᠢᠩ᠎ᠤᠨ ᠲᠥᠷᠥᠯ ᠵᠦᠢ᠍ᠯ ᠪᠣᠯᠭ᠋ᠠᠨ ᠣᠨᠳᠣᠣᠰᠢᠭᠤᠯᠬᠤ ᠬᠡᠷᠡᠭᠲᠡᠢ ᠭᠡᠪᠡ᠃

       ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠳᠡᠳ᠋ ᠳᠠᠷᠤᠭ᠎ᠠ ᠳ᠋ᠧᠩ ᠰᠢᠤ ᠰᠢᠨ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ ᠰᠦᠨ ᠯᠢ ᠯᠢ᠂ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠰᠢᠨ᠂ ᠰᠦᠨ ᠵᠢᠶᠦ᠋ᠨ ᠴᠢᠩ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ᠂ ᠲᠤᠰᠬᠠᠢ ᠮᠡᠷᠭᠡᠵᠢᠯᠲᠡᠨ ᠡᠷᠳᠡᠮᠲᠡᠨ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠠᠢ᠃

      

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map