ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠤᠤ ᠴᠧᠩ ᠸᠠᠩ ᠯᠢ ᠰᠢᠶᠠ ᠳᠤᠮᠳᠠᠳᠤ ᠤᠯᠤᠰ᠎ᠤᠨ ᠳ᠋ᠠ ᠲᠠᠩ ᠪᠦᠯᠦᠭᠯᠡᠯ ᠬᠢᠵᠠᠭ᠋ᠠᠷᠲᠤ ᠺᠣᠮᠫᠠᠨᠢ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠬᠡᠷᠡᠭ ᠮᠡᠳᠡᠭᠴᠢᠳ᠎ᠤᠨ ᠳᠠᠷᠤᠭ᠎ᠠ ᠯᠢᠦᠶ ᠵᠢᠶᠦ᠋ᠨ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2025-02-28


      2 ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠸᠠᠩ ᠯᠢ ᠰᠢᠶᠠ ᠬᠥᠬᠡᠬᠣᠲᠠ᠎ᠳᠤ ᠳᠤᠮᠳᠠᠳᠤ ᠤᠯᠤᠰ᠎ᠤᠨ ᠳ᠋ᠠ ᠲᠠᠩ ᠪᠦᠯᠦᠭᠯᠡᠯ ᠬᠢᠵᠠᠭ᠋ᠠᠷᠲᠤ ᠺᠣᠮᠫᠠᠨᠢ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠬᠡᠷᠡᠭ ᠮᠡᠳᠡᠭᠴᠢᠳ᠎ᠤᠨ ᠳᠠᠷᠤᠭ᠎ᠠ ᠯᠢᠦᠶ ᠵᠢᠶᠦ᠋ᠨ᠎ᠲᠠᠢ ᠠᠭᠤᠯᠵᠠᠪᠠ᠃


 


2.jpg


      2 ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠸᠠᠩ ᠯᠢ ᠰᠢᠶᠠ ᠬᠥᠬᠡᠬᠣᠲᠠ᠎ᠳᠤ ᠳᠤᠮᠳᠠᠳᠤ ᠤᠯᠤᠰ᠎ᠤᠨ ᠳ᠋ᠠ ᠲᠠᠩ ᠪᠦᠯᠦᠭᠯᠡᠯ ᠬᠢᠵᠠᠭ᠋ᠠᠷᠲᠤ ᠺᠣᠮᠫᠠᠨᠢ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠬᠡᠷᠡᠭ ᠮᠡᠳᠡᠭᠴᠢᠳ᠎ᠤᠨ ᠳᠠᠷᠤᠭ᠎ᠠ ᠯᠢᠦᠶ ᠵᠢᠶᠦ᠋ᠨ᠎ᠲᠠᠢ ᠠᠭᠤᠯᠵᠠᠪᠠ᠃

       ᠰᠤᠷᠪᠤᠯᠵᠢᠯᠠᠭᠴᠢ   ᠮᠠ  ᠵᠢᠶᠠᠨ  ᠪᠢᠩ   ᠰᠡᠭᠦᠳᠡᠷᠯᠡᠪᠡ


       ᠰᠦᠨ ᠱᠤᠤ ᠴᠧᠩ ᠯᠢᠦᠢ ᠵᠢᠶᠦ᠋ᠨ ᠨᠡᠷ᠎ᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠭᠡᠵᠦ᠂ ᠳᠤᠮᠳᠠᠳᠤ ᠤᠯᠤᠰ᠎ᠤᠨ ᠳ᠋ᠠ ᠲᠠᠩ ᠪᠦᠯᠦᠭᠯᠡᠯ᠎ᠤᠨ ᠤᠷᠳᠤ ᠬᠤᠭᠤᠴᠠᠭ᠋ᠠᠨ᠎ᠤ ᠲᠤᠷᠰᠢ ᠥᠪᠥᠷ ᠮᠣᠩᠭᠣᠯ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠬᠤᠪᠢ ᠨᠡᠮᠡᠷᠢ ᠦᠵᠡᠭᠦᠯᠦᠭᠰᠡᠨ᠎ᠳᠤ ᠲᠠᠯᠠᠷᠬᠠᠵᠤ ᠪᠠᠶ᠋ᠢᠬᠤ᠎ᠪᠠᠨ ᠢᠯᠡᠳᠭᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠪᠠᠶ᠋ᠢᠳᠠᠯ᠎ᠢ ᠲᠦᠬᠦᠮ ᠲᠠᠨᠢᠯᠴᠠᠭᠤᠯᠪᠠ᠃ ᠲᠡᠷᠡ᠂ ᠥᠪᠥᠷ ᠮᠣᠩᠭᠣᠯ᠎ᠤᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ᠎ᠨᠢ ᠴᠢᠬᠤᠯᠠ ᠶᠡᠬᠡ ᠲᠦᠷᠦᠯ ᠵᠦᠢ᠍ᠯ ᠢᠯᠠᠩᠭᠤᠶ᠎ᠠ ᠰᠢᠨ᠎ᠡ ᠡᠨᠧᠷᠭᠢ ᠵᠢᠨ ᠲᠦᠷᠦᠯ ᠵᠦᠢ᠍ᠯ ᠵᠶ᠋ᠠᠷ ᠲᠤᠯᠭ᠋ᠠᠭᠤᠷᠢᠯᠠᠯ ᠪᠣᠯᠭ᠋ᠠᠬᠤ ᠴᠢᠬᠤᠯᠠᠲᠠᠢ᠃ ᠣᠳᠣᠬᠠᠨ᠎ᠳᠤ᠂ ᠪᠢᠳᠡ ᠶᠠᠭ ᠬᠤᠷᠳᠤᠴᠠ᠎ᠪᠠᠨ ᠲᠦᠷᠭᠡᠳᠭᠡᠨ ᠦᠷ᠎ᠡ ᠠᠰᠢᠭ ᠵᠶ᠋ᠠᠨ ᠳᠡᠭᠡᠭᠰᠢᠯᠡᠭᠦᠯᠵᠦ ᠰᠢᠨ᠎ᠡ ᠡᠨᠧᠷᠭᠢ ᠵᠢᠨ ᠬᠥᠭᠵᠢᠯᠲᠡ ᠵᠢ ᠠᠬᠢᠭᠤᠯᠵᠤ᠂ ᠡᠯ᠎ᠡ ᠲᠥᠷᠥᠯ᠎ᠤᠨ ᠠᠵᠤ ᠠᠬᠤᠶ᠋ᠢᠯᠠᠯ᠎ᠤᠨ ᠮᠠᠨ᠎ᠤ ᠣᠷᠣᠨ᠎ᠳᠤ ᠵᠠᠬ᠎ᠠ ᠳᠡᠯᠭᠡᠭᠦᠷᠴᠢᠯᠡᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠥᠷᠨᠢᠭᠦᠯᠬᠦ ᠵᠢ ᠪᠥᠬᠥ ᠬᠦᠴᠦᠨ ᠵᠶ᠋ᠠᠷ ᠵᠶ᠋ᠠᠨ ᠳᠡᠮᠵᠢᠵᠦ ᠪᠠᠶ᠋ᠢᠨ᠎ᠠ᠃ ᠥᠪᠥᠷ ᠮᠣᠩᠭᠣᠯ ᠪᠣᠯᠤᠨ ᠳᠤᠮᠳᠠᠳᠤ ᠤᠯᠤᠰ᠎ᠤᠨ ᠳ᠋ᠠ ᠲᠠᠩ ᠪᠦᠯᠦᠭᠯᠡᠯ ᠰᠠᠶ᠋ᠢᠨ ᠰᠠᠶ᠋ᠢᠬᠠᠨ ᠬᠠᠮᠲᠤᠷᠠᠯᠴᠠᠭ᠋ᠠᠨ᠎ᠤ ᠬᠠᠷᠢᠯᠴᠠᠭ᠎ᠠ᠎ᠪᠠᠨ ᠪᠠᠲᠤᠯᠠᠵᠤ ᠪᠠᠶ᠋ᠢᠨ᠎ᠠ᠂ ᠢᠷᠡᠭᠡᠳᠦᠢ᠎ᠳᠤ ᠬᠠᠨᠳᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠥᠩᠭᠡᠷᠡᠭᠰᠡᠨ᠎ᠲᠠᠢ᠎ᠪᠠᠨ ᠠᠳᠠᠯᠢ᠎ᠪᠠᠷ ᠳᠤᠮᠳᠠᠳᠤ ᠤᠯᠤᠰ᠎ᠤᠨ ᠳ᠋ᠠ ᠲᠠᠩ ᠪᠦᠯᠦᠭᠯᠡᠯ᠎ᠤᠨ ᠥᠪᠥᠷ ᠮᠣᠩᠭᠣᠯ᠎ᠳᠠᠬᠢ ᠬᠥᠭᠵᠢᠯᠲᠡ ᠵᠢ ᠳᠡᠮᠵᠢᠬᠦ ᠪᠣᠯᠤᠨ᠎ᠠ᠃ ᠳᠤᠮᠳᠠᠳᠤ ᠤᠯᠤᠰ᠎ᠤᠨ ᠳ᠋ᠠ ᠲᠠᠩ ᠪᠦᠯᠦᠭᠯᠡᠯ᠎ᠤᠨ᠎ᠬᠢᠨ ᠲᠤᠰ ᠪᠡᠶ᠎ᠡ ᠵᠢᠨ ᠳᠠᠪᠠᠭᠤᠯᠢᠭ ᠵᠶ᠋ᠠᠨ ᠪᠠᠳᠠᠷᠠᠭᠤᠯᠵᠤ᠂ ᠮᠠᠨ᠎ᠤ ᠣᠷᠣᠨ᠎ᠳᠠᠬᠢ ᠪᠡᠯᠡ ᠣᠷᠣᠭᠤᠯᠤᠯᠲᠠ ᠵᠢᠨ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠡᠨᠧᠷᠭᠢ ᠨᠥᠭᠡᠴᠡᠯᠡᠬᠦ᠂ ᠤᠰᠤᠲᠥ᠋ᠷᠥᠭᠴᠢ ᠡᠨᠧᠷᠭᠢ ᠵᠡᠷᠭᠡ ᠬᠦᠷᠢᠶᠡᠨ᠎ᠳᠠᠬᠢ ᠲᠦᠷᠦᠯ ᠵᠦᠢ᠍ᠯ᠎ᠤᠨ ᠬᠠᠮᠲᠤᠷᠠᠯᠴᠠᠭ᠋ᠠᠨ᠎ᠤ ᠲᠠᠯᠳᠠ ᠬᠦᠴᠦᠨ᠎ᠢ ᠠᠭᠤᠳᠠᠯᠬᠤ ᠵᠢ ᠬᠦᠰᠡᠵᠦ ᠪᠠᠶ᠋ᠢᠨ᠎ᠠ᠃ ᠬᠣᠶᠠᠷ ᠲᠠᠯ᠎ᠠ᠎ᠪᠠᠷ ᠵᠶ᠋ᠠᠨ ᠵᠥᠪᠳᠡᠯᠴᠡᠨ ᠲᠣᠭᠲᠠᠭᠰᠠᠨ ᠬᠠᠮᠲᠤᠷᠠᠯᠴᠠᠭ᠋ᠠᠨ᠎ᠤ ᠲᠦᠷᠦᠯ ᠵᠦᠢ᠍ᠯ᠎ᠢ ᠲᠦᠷᠭᠡᠨ ᠠᠬᠢᠭᠤᠯᠵᠤ᠂ ᠡᠷᠲᠡᠬᠡᠨ ᠠᠰᠢᠭᠯᠠᠯᠲᠠ᠎ᠳᠤ ᠣᠷᠣᠭᠤᠯᠬᠤ᠎ᠪᠠᠷ ᠴᠢᠷᠮᠠᠶ᠋ᠢᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠠᠯ᠎ᠠ ᠵᠢᠨ᠎ᠬᠢᠨ ᠳᠤᠮᠳᠠᠳᠤ ᠤᠯᠤᠰ᠎ᠤᠨ ᠳ᠋ᠠ ᠲᠠᠩ ᠪᠦᠯᠦᠭᠯᠡᠯ᠎ᠳᠤ ᠰᠠᠶ᠋ᠢᠲᠤᠷ ᠦᠢ᠍ᠯᠡᠴᠢᠯᠡᠵᠦ ᠪᠠᠲᠤᠯᠠᠭ᠎ᠠ ᠬᠠᠩᠭ᠋ᠠᠬᠤ ᠬᠡᠷᠡᠭᠲᠡᠢ ᠭᠡᠪᠡ᠃

       ᠯᠢᠦᠢ ᠵᠢᠶᠦ᠋ᠨ ᠥᠪᠡᠷᠲᠡᠭᠡᠨ ᠵᠠᠰᠠᠬᠤ ᠣᠷᠣᠨ᠎ᠤ ᠤᠷᠳᠤ ᠬᠤᠭᠤᠴᠠᠭ᠋ᠠᠨ᠎ᠤ ᠲᠤᠷᠰᠢ ᠳᠤᠮᠳᠠᠳᠤ ᠤᠯᠤᠰ᠎ᠤᠨ ᠳ᠋ᠠ ᠲᠠᠩ ᠪᠦᠯᠦᠭᠯᠡᠯ᠎ᠳᠤ ᠦᠵᠡᠭᠦᠯᠦᠭᠰᠡᠨ ᠳᠡᠮᠵᠢᠯᠭᠡ ᠪᠣᠯᠤᠨ ᠬᠠᠪᠰᠤᠷᠤᠯᠭ᠎ᠠ᠎ᠳᠤ ᠲᠠᠯᠠᠷᠬᠠᠵᠤ ᠪᠠᠶ᠋ᠢᠬᠤ᠎ᠪᠠᠨ ᠢᠯᠡᠳᠭᠡᠭᠰᠡᠨ ᠪᠥᠭᠡᠳ ᠥᠪᠥᠷ ᠮᠣᠩᠭᠣᠯ᠎ᠳᠠᠬᠢ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠪᠣᠯᠤᠨ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢᠨ ᠪᠠᠶ᠋ᠢᠳᠠᠯ ᠵᠶ᠋ᠠᠨ ᠲᠦᠬᠦᠮ ᠲᠠᠨᠢᠯᠴᠠᠭᠤᠯᠪᠠ᠃ ᠲᠡᠷᠡ᠂ ᠳᠤᠮᠳᠠᠳᠤ ᠤᠯᠤᠰ᠎ᠤᠨ ᠳ᠋ᠠ ᠲᠠᠩ ᠪᠦᠯᠦᠭᠯᠡᠯ ᠥᠪᠥᠷ ᠮᠣᠩᠭᠣᠯ᠎ᠢ ᠢᠮᠠᠭᠲᠠ ᠪᠠᠶ᠋ᠢᠯᠳᠤᠬᠤ ᠪᠣᠳᠣᠯᠭ᠎ᠠ ᠵᠢᠨ ᠴᠢᠬᠤᠯᠠ ᠭᠠᠵᠠᠷ ᠪᠠ ᠬᠥᠭᠵᠢᠯᠲᠡ ᠵᠢᠨ ᠥᠨᠳᠥᠷᠯᠢᠭ ᠪᠣᠯᠭ᠋ᠠᠵᠤ ᠪᠤᠢ᠂ ᠲᠠᠷᠠᠭ᠋ᠠᠴᠢ ᠵᠢᠨ ᠠᠯᠬᠤᠮ᠎ᠳᠤ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ ᠪᠠ ᠠᠭᠤᠰᠤᠯᠴᠠᠵᠤ᠂ ᠪᠠᠯᠠ ᠣᠷᠣᠭᠤᠯᠤᠯᠲᠠ ᠵᠢᠨ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠴᠢᠬᠤᠯᠠ ᠶᠡᠬᠡ ᠲᠥᠷᠥᠯ ᠵᠦᠢ᠍ᠯ᠎ᠢ ᠤᠬᠠᠭ᠋ᠠᠯᠠᠨ ᠲᠥᠯᠥᠪᠯᠡᠬᠦ ᠠᠵᠢᠯᠯᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠪᠥᠷ ᠮᠣᠩᠭᠣᠯ᠎ᠢ ᠳ᠋ᠠ ᠲᠠᠩ ᠪᠦᠯᠦᠭᠯᠡᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠴᠢᠬᠤᠯᠠ ᠭᠠᠵᠠᠷ᠂ ᠠᠵᠢᠯ ᠲᠥᠷᠥᠯ᠎ᠤᠨ ᠬᠦᠲᠦᠯᠦᠨ ᠳᠠᠭ᠋ᠠᠭᠤᠯᠬᠤ ᠴᠢᠬᠤᠯᠠ ᠭᠠᠵᠠᠷ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠥᠨᠳᠥᠷᠯᠢᠭ ᠪᠣᠯᠭ᠋ᠠᠨ ᠪᠥᠲᠥᠭᠡᠨ ᠪᠠᠶ᠋ᠢᠭᠤᠯᠵᠤ᠂ ᠥᠨᠳᠥᠷ ᠪᠠᠷᠢᠮᠵᠢᠶ᠎ᠠ᠎ᠪᠠᠷ ᠨᠡᠶ᠋ᠢᠭᠡᠮ᠎ᠤᠨ ᠬᠠᠷᠢᠭᠤᠴᠠᠯᠭ᠎ᠠ᠎ᠪᠠᠨ ᠭᠦᠢ᠍ᠴᠡᠳᠭᠡᠵᠦ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠬᠡᠯᠪᠡᠷᠢ ᠵᠢᠨ ᠡᠨᠧᠷᠭᠢ ᠵᠢᠨ ᠰᠢᠰᠲ᠋ᠧᠮ ᠪᠠ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠎ᠢ ᠲᠦᠷᠭᠡᠳᠭᠡᠨ ᠪᠥᠲᠥᠭᠡᠨ ᠪᠠᠶ᠋ᠢᠭᠤᠯᠬᠤ᠂ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠢ ᠪᠥᠲᠥᠭᠡᠨ ᠪᠠᠶ᠋ᠢᠭᠤᠯᠬᠤ᠎ᠳᠤ ᠪᠥᠬᠥ ᠲᠠᠯ᠎ᠠ᠎ᠪᠠᠷ ᠬᠦᠴᠦᠨ ᠨᠡᠮᠡᠷᠢᠯᠡᠨ᠎ᠡ ᠭᠡᠪᠡ᠃

       ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠨᠠᠷᠢᠨ ᠪᠢᠴᠢᠭ᠎ᠤᠨ ᠳᠠᠷᠤᠭ᠎ᠠ ᠢᠦᠢ ᠯᠢ ᠰᠢᠨ᠂ ᠳᠤᠮᠳᠠᠳᠤ ᠤᠯᠤᠰ᠎ᠤᠨ ᠳ᠋ᠠ ᠲᠠᠩ ᠪᠦᠯᠦᠭᠯᠡᠯ ᠬᠢᠵᠠᠭ᠋ᠠᠷᠲᠤ ᠺᠣᠮᠫᠠᠨᠢ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠱᠦᠵᠢ᠂ ᠶᠡᠷᠦᠩᠬᠡᠢ ᠳᠠᠭ᠋ᠠᠭ᠋ᠠᠮᠠᠯ ᠵᠠᠩ ᠴᠤᠸᠠᠨ ᠵᠢᠶᠠᠩ ᠠᠭᠤᠯᠵᠠᠯᠲᠠ᠎ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map