2 ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠸᠠᠩ ᠯᠢ ᠰᠢᠶᠠ ᠪᠦᠭᠦ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠠᠬᠢᠭᠤᠯᠬᠤ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ᠎ᠪᠠᠷ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠎ᠳᠤ ᠬᠦᠷᠴᠦ ᠪᠠᠢ᠌ᠴᠠᠭ᠋ᠠᠨ ᠰᠤᠳᠤᠯᠪᠠ᠃

2 ᠰᠠᠷ᠎ᠠ ᠵᠢᠨ 7᠎ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠎ᠳᠤ ᠪᠠᠢ᠌ᠴᠠᠭ᠋ᠠᠨ ᠰᠤᠳᠤᠯᠤᠯᠲᠠ ᠬᠢᠬᠦ᠎ᠳᠡᠭᠡᠨ ᠥᠷᠢ ᠲᠥᠯᠥᠬᠦ ᠠᠵᠢᠯ᠎ᠤᠨ ᠲᠤᠰᠬᠠᠢ ᠠᠩᠭᠢ᠎ᠳᠤ ᠬᠦᠷᠴᠦ᠂ ᠠᠵᠤ ᠠᠬᠤᠢ᠌ᠯᠠᠯ᠎ᠳᠤ ᠥᠷᠢᠲᠦᠵᠦ ᠪᠠᠢ᠌ᠭ᠎ᠠ ᠳᠠᠩᠰᠠᠨ ᠵᠣᠭᠣᠰ᠎ᠢ ᠲᠥᠯᠥᠵᠦ ᠪᠠᠢ᠌ᠭ᠎ᠠ ᠪᠠᠢ᠌ᠳᠠᠯ᠎ᠢ ᠨᠠᠷᠢᠨ ᠣᠢ᠌ᠯᠠᠭ᠋ᠠᠪᠠ᠃
ᠰᠤᠷᠪᠤᠯᠵᠢᠯᠠᠭᠴᠢ ᠸᠠᠩ ᠯᠧᠢ ᠰᠡᠭᠦᠳᠡᠷᠯᠡᠪᠡ

2 ᠰᠠᠷ᠎ᠠ ᠵᠢᠨ 7᠎ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠵᠦ᠂ ᠪᠡᠯᠡ ᠣᠷᠤᠭᠤᠯᠤᠯᠲᠠ ᠵᠢᠨ ᠲᠥᠯᠥᠪᠵᠢᠭᠦᠯᠭᠡ ᠵᠢᠨ ᠭᠠᠵᠠᠷ᠎ᠲᠤ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠬᠦᠰᠦᠨᠦᠭᠲᠦ ᠵᠢ ᠨᠠᠷᠢᠨ ᠬᠢᠨᠠᠮᠠᠭ᠋ᠠᠢ ᠪᠠᠢ᠌ᠴᠠᠭ᠋ᠠᠨ ᠦᠵᠡᠪᠡ᠃
ᠰᠤᠷᠪᠤᠯᠵᠢᠯᠠᠭᠴᠢ ᠸᠠᠩ ᠯᠧᠢ ᠰᠡᠭᠦᠳᠡᠷᠯᠡᠪᠡ
ᠸᠠᠩ ᠯᠢ ᠰᠢᠶᠠ ᠠᠵᠤ ᠠᠬᠤᠢ᠌ᠯᠠᠯ᠎ᠳᠤ ᠥᠷᠢᠲᠦᠵᠦ ᠪᠠᠢ᠌ᠭ᠎ᠠ ᠳᠠᠩᠰᠠᠨ ᠵᠣᠭᠣᠰ᠎ᠢ ᠲᠥᠯᠥᠵᠦ ᠪᠠᠢ᠌ᠭ᠎ᠠ ᠪᠠᠢ᠌ᠳᠠᠯ᠎ᠢ ᠮᠠᠰᠢ ᠬᠠᠯᠠᠮᠵᠢᠯᠠᠵᠤ᠂ ᠥᠷᠢ ᠲᠥᠯᠥᠬᠦ ᠠᠵᠢᠯ᠎ᠤᠨ ᠲᠤᠰᠬᠠᠢ ᠠᠩᠭᠢ᠎ᠳᠤ ᠬᠦᠷᠴᠦ ᠪᠠᠢ᠌ᠳᠠᠯ᠎ᠢ ᠨᠠᠷᠢᠨ ᠣᠢ᠌ᠯᠠᠭ᠋ᠠᠵᠤ᠂ ᠨᠠᠷᠢᠯᠢᠭ ᠣᠨᠣᠪᠴᠢᠲᠠᠢ᠎ᠪᠠᠷ ᠪᠠᠢ᠌ᠴᠠᠭ᠋ᠠᠨ᠂ ᠣᠷᠬᠢᠭᠳᠠᠭᠤᠯᠬᠤ᠎ᠠᠴᠠ ᠰᠡᠷᠭᠡᠢ᠌ᠯᠡᠵᠦ᠂ 《ᠦᠷᠭᠦᠯᠵᠢᠯᠡᠨ ᠥᠷᠢᠲᠦᠬᠦ》 ᠰᠢᠯᠲᠠᠭ᠋ᠠᠨ᠎ᠢ ᠭᠦᠢ᠍ᠴᠡᠳ ᠪᠣᠳᠣᠯᠬᠢᠯᠠᠵᠤ᠂ ᠠᠵᠤ ᠠᠬᠤᠢ᠌ᠯᠠᠯ᠎ᠤᠨ ᠳᠠᠩᠰᠠᠨ ᠵᠣᠭᠣᠰ᠎ᠢ ᠤᠳᠠᠭ᠋ᠠᠰᠢᠷᠠᠭᠤᠯᠤᠨ ᠥᠷᠢᠲᠦᠬᠦ᠎ᠠᠴᠠ ᠪᠣᠯᠵᠤ ᠠᠵᠢᠯᠴᠢᠳ᠎ᠤᠨ ᠴᠠᠯᠢᠩ᠎ᠢ ᠥᠷᠢᠲᠦᠬᠦ ᠵᠢ ᠰᠡᠷᠭᠡᠢ᠌ᠯᠡᠬᠦ ᠬᠡᠷᠡᠭᠲᠡᠢ ᠭᠡᠵᠦ ᠵᠠᠬᠢᠪᠠ᠃ ᠪᠡᠯᠡ ᠣᠷᠣᠭᠤᠯᠤᠯᠲᠠ ᠵᠢᠨ ᠲᠥᠯᠦᠪᠵᠢᠭᠦᠯᠭᠡ ᠵᠢᠨ ᠭᠠᠵᠠᠷ᠎ᠲᠤ᠂ ᠲᠡᠷᠡ ᠪᠦᠭᠦ ᠣᠷᠣᠨ᠎ᠤ ᠠᠵᠤ ᠦᠢ᠍ᠯᠡᠳᠪᠦᠷᠢ ᠵᠢᠨ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠬᠦᠰᠦᠨᠦᠭᠲᠦ ᠵᠢ ᠨᠠᠷᠢᠨ ᠬᠢᠨᠠᠮᠠᠭ᠋ᠠᠢ ᠪᠠᠢ᠌ᠴᠠᠭ᠋ᠠᠨ ᠦᠵᠡᠵᠦ᠂ ᠪᠦᠭᠦ ᠣᠷᠣᠨ᠎ᠤ ᠠᠵᠤ ᠦᠢ᠍ᠯᠡᠰ᠎ᠤᠨ ᠪᠠᠢ᠌ᠷᠢᠰᠢᠭᠤᠯᠤᠯᠲᠠ ᠵᠢᠨ ᠲᠣᠭᠣᠷᠢᠨ᠎ᠳᠤ ᠡᠯ᠎ᠡ ᠠᠢ᠌ᠮᠠᠭ ᠬᠣᠲᠠ ᠵᠢ ᠵᠢᠯᠤᠭᠣᠳᠴᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠰᠠᠢ᠌ᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠠᠵᠤ ᠠᠬᠤᠢ ᠵᠢᠨ ᠡᠷᠭᠢᠯᠲᠡ ᠵᠢᠨ ᠲᠣᠪᠴᠢᠶ᠎ᠠ᠎ᠳᠤ ᠲᠡᠷᠡ᠂ ᠡᠨᠡ ᠪᠣᠯ ᠳᠠᠷᠤᠢ 《ᠪᠠᠢ᠌ᠯᠳᠤᠭ᠋ᠠᠨ》᠎ᠤ ᠵᠢᠯᠤᠭᠣᠳᠬᠤ ᠲᠠᠰᠤᠭ ᠪᠣᠯᠣᠨ᠎ᠠ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠲᠤᠪᠤᠢ᠌ᠯᠭ᠋ᠠᠵᠤ᠂ ᠶᠡᠬᠡ ᠵᠢ ᠠᠳᠬᠤᠵᠤ ᠪᠠᠭ᠎ᠠ ᠵᠢ ᠦᠯᠦ ᠲᠠᠯᠪᠢᠬᠤ ᠵᠢ ᠪᠠᠷᠢᠮᠲᠠᠯᠠᠵᠤ᠂ ᠲᠣᠬᠢᠷᠠᠭᠤᠯᠤᠯᠲᠠ ᠵᠢᠨ ᠴᠠᠭᠴᠢ ᠴᠢᠨᠠᠷ᠂ ᠣᠨᠣᠪᠴᠢᠲᠤ ᠴᠢᠨᠠᠷ᠎ᠢ ᠳᠡᠭᠡᠭᠰᠢᠯᠡᠭᠦᠯᠵᠦ᠂ ᠠᠵᠢᠯ ᠲᠦᠷᠦᠯ ᠨᠢᠭᠡᠪᠦᠷᠢ ᠵᠢᠨ ᠪᠠᠢ᠌ᠳᠠᠯ᠂ ᠠᠢ᠌ᠮᠠᠭ ᠬᠤᠲᠠ ᠨᠢᠭᠡᠪᠦᠷᠢ ᠵᠢᠨ ᠪᠠᠢ᠌ᠳᠠᠯ᠎ᠳᠤ ᠪᠦᠷ ᠳᠣᠲᠣᠷ᠎ᠠ᠎ᠪᠠᠨ ᠲᠣᠭ᠎ᠠ᠎ᠲᠠᠢ ᠪᠠᠢ᠌ᠵᠤ᠂ ᠡᠮᠦᠨ᠎ᠡ ᠹᠷᠣᠨᠲ᠎ᠲᠤ ᠭᠦᠨᠵᠡᠭᠡᠢ᠌ᠷᠡᠨ ᠠᠵᠤ ᠠᠬᠤᠢ ᠵᠢᠨ ᠡᠷᠭᠢᠯᠲᠡ ᠳᠤᠮᠳᠠᠬᠢ ᠠᠰᠠᠭᠤᠳᠠᠯ᠎ᠢ᠎ᠨᠢ ᠬᠠᠪᠰᠤᠷᠤᠨ ᠰᠢᠢ᠍ᠳᠪᠦᠷᠢᠯᠡᠬᠦ ᠬᠡᠷᠡᠭᠲᠡᠢ ᠭᠡᠵᠦ ᠬᠡᠯᠡᠪᠡ᠃

2 ᠰᠠᠷ᠎ᠠ ᠵᠢᠨ 7᠎ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠎ᠳᠤ ᠪᠠᠢ᠌ᠴᠠᠭ᠋ᠠᠨ ᠰᠤᠳᠤᠯᠤᠯᠲᠠ ᠬᠢᠬᠦ᠎ᠳᠡᠭᠡᠨ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠤ᠂ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠡᠷᠭᠢᠯᠲᠡ ᠵᠢᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃
ᠰᠤᠷᠪᠤᠯᠵᠢᠯᠠᠭᠴᠢ ᠸᠠᠩ ᠯᠧᠢ ᠰᠡᠭᠦᠳᠡᠷᠯᠡᠪᠡ
ᠳᠠᠷᠠᠭ᠎ᠠ᠎ᠨᠢ ᠸᠠᠩ ᠯᠢ ᠰᠢᠶᠠ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠡᠷᠭᠢᠯᠲᠡ ᠵᠢᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠠᠵᠤ ᠦᠢ᠍ᠯᠡᠳᠪᠦᠷᠢ᠎ᠨᠢ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠳᠤᠮᠳᠠ ᠴᠢᠬᠤᠯᠠ ᠡᠭᠦᠷᠭᠡ ᠡᠭᠦᠷᠭᠡᠯᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠢ 7% ᠣᠷᠴᠢᠮ ᠨᠡᠮᠡᠭᠳᠡᠭᠦᠯᠬᠦ᠂ ᠠᠵᠤ ᠦᠢ᠍ᠯᠡᠳᠪᠦᠷᠢ ᠵᠢᠨ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢ 10% ᠣᠷᠴᠢᠮ ᠨᠡᠮᠡᠭᠳᠡᠭᠦᠯᠬᠦ ᠬᠠᠷᠠᠯᠲᠠ ᠵᠢ ᠪᠠᠷᠢᠮᠲᠠᠯᠠᠵᠤ᠂ ᠬᠦᠴᠢᠷ ᠪᠡᠷᠬᠡᠰᠢᠶᠡᠯ ᠥᠷᠢᠰᠦᠯᠳᠦᠭᠡᠨ᠎ᠢ ᠪᠦᠭᠦ ᠬᠦᠴᠦᠨ ᠵᠶ᠋ᠡᠷ ᠵᠶ᠋ᠡᠨ ᠢᠯᠡᠨ ᠳᠠᠪᠠᠵᠤ᠂ ᠰᠠᠢ᠌ᠨ ᠰᠠᠢ᠌ᠬᠠᠨ ᠬᠥᠭᠵᠢᠯᠲᠡ ᠵᠢᠨ ᠬᠠᠨᠳᠤᠰᠢ ᠵᠢ ᠪᠠᠲᠤᠯᠠᠬᠤ ᠬᠡᠷᠡᠭᠲᠡᠢ᠃ 《ᠵᠢᠷᠭᠤᠭ᠋ᠠᠨ ᠠᠵᠢᠯᠯᠠᠭ᠎ᠠ》 ᠳᠤᠮᠳᠠ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠬᠤᠯᠠ ᠶᠡᠬᠡ ᠲᠥᠷᠥᠯ ᠵᠦᠢ᠍ᠯ᠎ᠢ ᠤᠬᠠᠭ᠋ᠠᠯᠠᠨ ᠲᠥᠯᠥᠪᠯᠡᠬᠦ ᠠᠵᠢᠯᠯᠠᠭ᠎ᠠ ᠵᠢ ᠨᠠᠢ᠌ᠳᠠᠪᠤᠷᠢᠵᠢᠭᠤᠯᠬᠤ᠎ᠳᠤ 1398 ᠭᠣᠣᠯᠳᠠᠯᠭ᠎ᠠ᠎ᠲᠠᠢ ᠲᠥᠷᠥᠯ ᠵᠦᠢ᠍ᠯ᠎ᠢ ᠡᠷᠲᠡᠬᠡᠨ ᠨᠠᠢ᠌ᠳᠠᠪᠤᠷᠢᠵᠢᠭᠤᠯᠬᠤ ᠵᠢ ᠪᠠᠲᠤᠯᠠᠬᠤ ᠭᠡᠷᠡᠭᠲᠡᠶ; ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠵᠢ ᠨᠠᠢ᠌ᠳᠠᠪᠤᠷᠢᠵᠢᠭᠤᠯᠬᠤ᠎ᠳᠤ ᠠᠵᠤ ᠠᠬᠤᠢ᠌ᠯᠠᠯ᠎ᠢ ᠬᠠᠪᠰᠤᠷᠤᠨ ᠵᠠᠬᠢᠶᠠᠯᠠᠭ᠎ᠠ ᠡᠷᠢᠵᠦ᠂ ᠵᠠᠬ᠎ᠠ ᠳᠡᠯᠭᠡᠭᠦᠷ᠎ᠢ᠎ᠨᠢ ᠥᠷᠭᠡᠳᠬᠡᠵᠦ᠂ ᠬᠠᠮᠢᠶ᠎ᠠ ᠪᠦᠬᠦᠢ ᠡᠬᠢᠨ᠎ᠤ ᠪᠠ ᠡᠴᠦᠰ᠎ᠤᠨ ᠬᠡᠯᠬᠢᠶ᠎ᠡ ᠵᠢᠨ ᠠᠵᠤ ᠠᠬᠤᠢ᠌ᠯᠠᠯ᠎ᠢ ᠣᠷᠣᠭᠤᠯᠤᠨ ᠠᠪᠴᠢᠷᠠᠬᠤ ᠭᠡᠷᠡᠭᠲᠡᠢ; ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ ᠵᠢ ᠨᠠᠢ᠌ᠳᠠᠪᠤᠷᠢᠵᠢᠭᠤᠯᠬᠤ᠎ᠳᠤ ᠠᠵᠤ ᠠᠬᠤᠢ᠌ᠯᠠᠯ ᠪᠣᠯᠣᠨ ᠴᠢᠳᠠᠪᠤᠷᠢᠲᠠᠨ᠎ᠳᠤ ᠬᠥᠭᠥᠷᠭᠡ ᠬᠣᠯᠪᠣᠭ᠋ᠠᠰᠤ ᠪᠣᠯᠵᠤ᠂ ᠠᠵᠤ ᠦᠢ᠍ᠯᠡᠰ᠎ᠤᠨ ᠬᠥᠭᠵᠢᠯᠲᠡ᠎ᠪᠠᠷ ᠨᠡᠩ ᠤᠯᠠᠨ ᠠᠵᠢᠯ ᠣᠯᠭᠣᠯᠲᠠ ᠵᠢ ᠳᠠᠢ᠌ᠴᠢᠯᠠᠬᠤ ᠭᠡᠷᠡᠭᠲᠡᠢ; ᠤᠰᠤ ᠠᠷᠪᠢᠯᠠᠬᠤ ᠠᠵᠢᠯᠯᠠᠭ᠎ᠠ ᠵᠢ ᠨᠠᠢ᠌ᠳᠠᠪᠤᠷᠢᠵᠢᠭᠤᠯᠬᠤ᠎ᠳᠤ ᠭᠣᠣᠯᠳᠠᠯᠭ᠎ᠠ᠎ᠲᠠᠢ ᠠᠵᠢᠯ ᠲᠥᠷᠥᠯ᠎ᠤᠨ ᠤᠰᠤ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠨᠠᠩ ᠣᠯᠠᠨ ᠤᠰᠤ ᠠᠷᠪᠢᠯᠠᠬᠤ ᠭᠡᠯᠪᠡᠷᠢ ᠵᠢᠨ ᠠᠵᠤ ᠠᠬᠤᠢ᠌ᠯᠠᠯ ᠪᠠ ᠬᠦᠷᠢᠶᠡᠯᠡᠩ ᠲᠣᠭᠣᠷᠢᠭ᠎ᠢ ᠡᠭᠦᠳᠦᠨ ᠪᠠᠢ᠌ᠭᠤᠯᠬᠤ ᠭᠡᠷᠡᠭᠲᠡᠶ; ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯᠯᠠᠭ᠎ᠠ ᠵᠢ ᠨᠠᠢ᠌ᠳᠠᠪᠤᠷᠢᠵᠢᠭᠤᠯᠬᠤ᠎ᠳᠤ ᠣᠷᠣᠨ ᠪᠦᠰᠡ ᠵᠢᠨ ᠬᠣᠭᠣᠷᠣᠨᠳᠣᠭᠢ᠂ ᠣᠷᠣᠨ ᠨᠤᠲᠤᠭ᠎ᠤᠨ ᠬᠣᠭᠣᠷᠣᠨᠳᠣᠭᠢ ᠠᠵᠤ ᠦᠢ᠍ᠯᠡᠰ᠎ᠤᠨ ᠬᠠᠮᠵᠢᠯᠴᠠᠭ᠎ᠠ ᠵᠢ ᠴᠢᠩᠭ᠋ᠠᠳᠬᠠᠵᠤ᠂ ᠪᠦᠭᠦ ᠣᠷᠣᠨ᠎ᠤ ᠪᠠᠢ᠌ᠯᠳᠤᠬᠤ ᠪᠣᠳᠣᠯᠭ᠎ᠠ ᠵᠢᠨ ᠪᠠᠢ᠌ᠷᠢᠰᠢᠭᠤᠯᠤᠯᠲᠠ᠎ᠳᠤ ᠨᠡᠢ᠌ᠴᠡᠬᠦ ᠠᠵᠤ ᠦᠢ᠍ᠯᠡᠰ᠎ᠤᠨ ᠲᠦᠷᠦᠯ ᠵᠦᠢ᠍ᠯ᠎ᠢ ᠰᠠᠢ᠌ᠲᠤᠷ ᠳᠡᠮᠵᠢᠬᠦ ᠭᠡᠷᠡᠭᠲᠡᠢ; ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠭᠦ ᠠᠵᠢᠯᠯᠠᠭ᠎ᠠ ᠵᠢ ᠨᠠᠢ᠌ᠳᠠᠪᠤᠷᠢᠵᠢᠭᠤᠯᠬᠤ᠎ᠳᠤ ᠠᠵᠤ ᠦᠢ᠍ᠯᠡᠳᠪᠦᠷᠢ ᠵᠢᠨ ᠲᠡᠦᠬᠡ ᠰᠣᠶᠣᠯ᠎ᠢ ᠭᠦᠨᠵᠡᠭᠡᠢ ᠠᠭᠤᠳᠠᠯᠵᠤ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠬᠥᠭᠵᠢᠯᠲᠡ ᠵᠢᠨ ᠥᠯᠢᠭᠡᠷ᠎ᠢ ᠰᠠᠢ᠌ᠲᠤᠷ ᠶᠠᠷᠢᠬᠤ ᠬᠡᠷᠡᠭᠲᠡᠢ᠃ 《ᠠᠷᠪᠠᠨ ᠶᠡᠬᠡ ᠠᠵᠤ ᠦᠢ᠍ᠯᠡᠰ᠎ᠤᠨ ᠪᠦᠯᠦᠭᠵᠢᠯ》᠎ᠢ ᠴᠣᠭᠴᠠᠯᠠᠬᠤ ᠳᠤᠮᠳᠠ ᠭᠣᠣᠯ ᠰᠢᠪᠲᠤᠯᠤᠯᠲᠠ ᠬᠢᠵᠦ᠂ ᠳᠡᠭᠡᠳᠦ ᠲᠡᠰᠵᠢᠯᠳᠡ᠂ ᠣᠶᠤᠨᠴᠢᠯᠠᠯᠲᠠ᠂ ᠪᠣᠬᠢᠷᠳᠤᠯ ᠦᠭᠡᠢ᠌ᠵᠢᠯᠳᠡ ᠵᠢᠨ ᠬᠠᠷᠠᠯᠲᠠ ᠵᠢ ᠲᠣᠭᠲᠠᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠭᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠬᠥᠲᠥᠯᠥᠨ ᠳᠠᠭ᠋ᠠᠭᠤᠯᠵᠤ᠂ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠲᠦᠷᠦᠭᠦᠦ ᠤᠯᠠᠷᠢᠯ᠎ᠤᠨ 《ᠰᠠᠢ᠌ᠨ ᠡᠭᠢᠯᠡᠯᠲᠡ》 ᠵᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠶᠣᠣ ᠶᠦᠩ ᠪᠦᠸᠧ ᠠᠵᠢᠯᠯᠠᠭ᠎ᠠ᠎ᠳᠤ ᠣᠷᠣᠯᠴᠠᠪᠠ᠃