ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠤᠤ ᠴᠧᠩ ᠸᠠᠩ ᠯᠢ ᠰᠢᠶᠠ ᠤᠯᠤᠰ᠎ᠤᠨ ᠡᠨᠧᠷᠭᠢ ᠵᠢᠨ ᠪᠡᠯᠡ ᠣᠷᠣᠭᠤᠯᠤᠯᠲᠠ ᠵᠢᠨ ᠪᠦᠯᠦᠭᠯᠡᠯ᠎ᠤᠨ ᠬᠡᠷᠡᠭ ᠮᠡᠳᠡᠭᠴᠢᠳ᠎ᠤᠨ ᠳᠠᠷᠤᠭ᠎ᠠ ᠽᠧᠦ ᠯᠧᠢ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2025-03-21

    3 ᠰᠠᠷ᠎ᠠ ᠵᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠸᠠᠩ ᠯᠢ ᠰᠢᠶᠠ ᠭᠦᠭᠡᠬᠣᠲᠠ᠎ᠳᠤ ᠤᠯᠤᠰ᠎ᠤᠨ ᠡᠨᠧᠷᠭᠢ ᠵᠢᠨ ᠪᠡᠯᠡ ᠣᠷᠣᠭᠤᠯᠤᠯᠲᠠ ᠵᠢᠨ ᠪᠦᠯᠦᠭᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠬᠡᠷᠡᠭ ᠮᠡᠳᠡᠭᠴᠢᠳ᠎ᠤᠨ ᠳᠠᠷᠤᠭ᠎ᠠ ᠽᠧᠦ ᠯᠧᠢ᠎ᠲᠠᠢ ᠠᠭᠤᠯᠵᠠᠪᠠ᠃

会见邹磊1.jpg



    ᠰᠦᠨ ᠱᠤᠤ ᠴᠧᠩ ᠽᠧᠦ ᠯᠧᠢ ᠨᠠᠷ᠎ᠢ ᠪᠠᠶᠠᠷᠯᠠᠨ ᠤᠭᠲᠤᠵᠤ ᠪᠠᠢ᠌ᠬᠤ᠎ᠪᠠᠨ ᠢᠯᠡᠳᠬᠡᠪᠡ᠃ ᠲᠡᠷᠡ᠂ ᠣᠳᠣᠬᠠᠨ᠎ᠳᠤ ᠥᠪᠥᠷ ᠮᠣᠩᠭᠣᠯ ᠶᠠᠭ ᠶᠡᠷᠦᠩᠬᠡᠢ ᠱᠦᠵᠢ ᠰᠢ ᠵᠢᠨ ᠫᠢᠩ᠎ᠤᠨ ᠵᠢᠭ᠋ᠠᠭᠰᠠᠨ ᠴᠢᠭᠯᠡᠯ ᠵᠶ᠋ᠡᠷ ᠡᠷᠡᠯᠬᠡᠭᠯᠡᠨ ᠤᠷᠤᠭᠰᠢᠯᠠᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ ᠰᠠᠢ᠌ᠨ ᠪᠠᠢ᠌ᠳᠠᠯ ᠵᠶ᠋ᠠᠨ ᠪᠠᠲᠤᠯᠠᠵᠤ ᠪᠤᠢ᠂ ᠢᠯᠠᠩᠭᠤᠶ᠎ᠠ ᠰᠢᠨ᠎ᠡ ᠡᠨᠧᠷᠭᠢ ᠵᠢᠨ ᠪᠦᠲᠦᠭᠡᠨ ᠪᠠᠢ᠌ᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ ᠬᠣᠶᠠᠷ ᠲᠠᠯ᠎ᠠ ᠵᠢᠨ ᠬᠠᠮᠲᠤ ᠵᠢᠨ ᠴᠢᠷᠮᠠᠢ᠌ᠯᠭ᠎ᠠ᠎ᠪᠠᠷ ᠳᠡᠮᠵᠢᠨ᠂ ᠥᠪᠥᠷ ᠮᠣᠩᠭᠣᠯ ᠬᠢᠭᠡᠳ ᠤᠯᠤᠰ᠎ᠤᠨ ᠡᠨᠧᠷᠭᠢ ᠵᠢᠨ ᠪᠡᠯᠡ ᠣᠷᠣᠭᠤᠯᠤᠯᠲᠠ ᠵᠢᠨ ᠪᠦᠯᠦᠭᠯᠡᠯ᠎ᠤᠨ ᠬᠠᠮᠲᠤᠷᠠᠯᠴᠠᠭ᠎ᠠ ᠰᠢᠨ᠎ᠡ ᠳᠡᠭᠲᠡᠷ᠎ᠲᠤ ᠭᠠᠷᠴᠤ᠂ ᠬᠣᠢ᠌ᠰᠢᠳᠠ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠢᠷᠡᠭᠡᠳᠦᠢ ᠲᠤᠢ᠌ᠯ᠎ᠤᠨ ᠰᠠᠷᠠᠭᠤᠯ ᠠᠭᠤᠳᠠᠮ ᠪᠠᠢ᠌ᠨ᠎ᠠ᠃ ᠪᠢᠳᠡ ᠳᠤᠷᠠᠲᠠᠶ᠎ᠠ ᠤᠯᠤᠰ᠎ᠤᠨ ᠡᠨᠧᠷᠭᠢ ᠵᠢᠨ ᠪᠡᠯᠡ ᠣᠷᠣᠭᠤᠯᠤᠯᠲᠠ ᠵᠢᠨ ᠪᠦᠯᠦᠭᠯᠡᠯ᠎ᠯᠦᠭᠡ ᠵᠢᠨ ᠣᠯᠣᠯᠴᠠᠭ᠎ᠠ ᠵᠣᠯᠭ᠋ᠠᠯᠴᠠᠭ᠎ᠠ᠎ᠪᠠᠨ ᠴᠢᠩᠭ᠋ᠠᠳᠬᠠᠵᠤ᠂ ᠨᠡᠭᠦᠷᠡᠰᠦ᠎ᠪᠠᠷ ᠲᠣᠰᠣ ᠦᠢ᠍ᠯᠡᠳᠬᠦ ᠵᠡᠷᠭᠡ ᠲᠦᠷᠦᠯ ᠵᠦᠢ᠍ᠯ᠎ᠢ ᠲᠦᠷᠭᠡᠳᠬᠡᠨ ᠨᠠᠢ᠌ᠳᠠᠪᠤᠷᠢᠵᠢᠭᠤᠯᠬᠤ ᠵᠢ ᠢᠳᠡᠪᠬᠢᠲᠡᠢ ᠠᠬᠢᠭᠤᠯᠵᠤ᠂ ᠤᠯᠤᠰ᠎ᠤᠨ ᠡᠨᠧᠷᠭᠢ ᠵᠢᠨ ᠠᠮᠤᠷ ᠲᠦᠪᠰᠢᠨ᠎ᠢ ᠪᠠᠲᠤᠯᠠᠬᠤ᠎ᠳᠤ ᠨᠡᠩ ᠰᠠᠢ᠌ᠨ ᠦᠢ᠍ᠯᠡᠴᠢᠯᠡᠨ᠎ᠡ᠃ ᠨᠥᠭᠡᠴᠡ ᠡᠨᠧᠷᠭᠢ ᠪᠣᠯ ᠰᠢᠨ᠎ᠡ ᠡᠨᠧᠷᠭᠢ ᠵᠢᠨ ᠬᠥᠭᠵᠢᠯᠲᠡ ᠵᠢ ᠬᠢᠵᠠᠭ᠋ᠠᠷᠯᠠᠵᠤ ᠪᠠᠢ᠌ᠭ᠎ᠠ 《ᠪᠣᠭᠣᠮᠢ》 ᠠᠰᠠᠭᠤᠳᠠᠯ ᠪᠣᠯᠣᠨ᠎ᠠ᠂ ᠤᠯᠤᠰ᠎ᠤᠨ ᠡᠨᠧᠷᠭᠢ ᠵᠢᠨ ᠪᠡᠯᠡ ᠣᠷᠣᠭᠤᠯᠤᠯᠲᠠ ᠵᠢᠨ ᠪᠦᠯᠦᠭᠯᠡᠯ᠎ᠤᠨ᠎ᠬᠢᠨ ᠰᠢᠨ᠎ᠡ ᠭᠡᠯᠪᠡᠷᠢ ᠵᠢᠨ ᠨᠥᠭᠡᠴᠡ ᠡᠨᠧᠷᠭᠢ᠎ᠳᠤ ᠠᠩᠬᠠᠷᠤᠯ ᠵᠶ᠋ᠠᠨ ᠲᠥᠪᠯᠡᠷᠡᠭᠦᠯᠦᠨ ᠣᠷᠣᠭᠤᠯᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠮᠡᠷᠭᠡᠵᠢᠯ᠎ᠤᠨ ᠪᠣᠭᠣᠮᠲᠠ ᠰᠢᠪᠲᠤᠯᠤᠯᠲᠠ᠎ᠪᠠᠨ ᠴᠢᠩᠭ᠋ᠠᠳᠬᠠᠵᠤ᠂ ᠰᠢᠨ᠎ᠡ ᠭᠡᠯᠪᠡᠷᠢ ᠵᠢᠨ ᠴᠠᠭᠢᠯᠭ᠋ᠠᠨ ᠬᠦᠴᠦᠨ᠎ᠤ ᠰᠢᠰᠲ᠋ᠧᠮ᠎ᠤᠨ ᠪᠠᠢ᠌ᠭᠤᠯᠤᠯᠲᠠ᠎ᠳᠤ ᠭᠦᠨᠵᠡᠭᠡᠢ ᠣᠷᠤᠯᠴᠠᠬᠤ ᠵᠢ ᠬᠦᠰᠡᠵᠦ ᠪᠠᠢ᠌ᠨ᠎ᠠ᠃ ᠪᠢᠳᠠ ᠲᠤᠰᠬᠠᠢ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠤᠯᠤᠰ᠎ᠤᠨ ᠡᠨᠧᠷᠭᠢ ᠵᠢᠨ ᠪᠡᠯᠡ ᠣᠷᠣᠭᠤᠯᠤᠯᠲᠠ ᠵᠢᠨ ᠪᠦᠯᠦᠭᠯᠡᠯ᠎ᠢ ᠪᠠᠭᠲᠠᠭ᠋ᠠᠭᠰᠠᠨ ᠥᠷᠭᠡᠨ ᠤᠯᠠᠨ ᠠᠵᠤ ᠠᠬᠤᠢ᠌ᠯᠠᠯ᠎ᠳᠤ ᠦᠢ᠍ᠯᠡᠴᠢᠯᠡᠭᠡ ᠪᠠᠲᠤᠯᠠᠭ᠎ᠠ ᠵᠢ ᠰᠠᠢ᠌ᠲᠤᠷ ᠬᠢᠨ᠎ᠡ ᠭᠡᠵᠡᠢ᠃

    ᠽᠧᠦ ᠯᠧᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠤᠷᠳᠤ ᠬᠤᠭᠤᠴᠠᠭ᠋ᠠᠨ᠎ᠤ ᠲᠤᠷᠰᠢ ᠤᠯᠤᠰ᠎ᠤᠨ ᠡᠨᠧᠷᠭᠢ ᠵᠢᠨ ᠪᠡᠯᠡ ᠤᠷᠤᠭᠤᠯᠤᠯᠳᠠ ᠵᠢᠨ ᠪᠦᠯᠦᠭᠯᠡᠯ᠎ᠳᠤ ᠳᠡᠮᠵᠢᠯᠭᠡ ᠦᠵᠡᠭᠦᠯᠦᠭᠰᠡᠨ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠪᠡ᠃ ᠲᠡᠷᠡ᠂ ᠤᠯᠤᠰ᠎ᠤᠨ ᠡᠨᠧᠷᠭᠢ ᠵᠢᠨ ᠪᠡᠯᠡ ᠤᠷᠤᠭᠤᠯᠤᠯᠳᠠ ᠵᠢᠨ ᠪᠦᠯᠦᠭᠯᠡᠯ᠎ᠤᠨ᠎ᠬᠢᠨ ᠥᠪᠥᠷ ᠮᠣᠩᠭᠣᠯ᠎ᠳᠠᠬᠢ ᠪᠡᠯᠡ ᠣᠷᠣᠭᠤᠯᠤᠯᠲᠠ ᠪᠠ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠤᠯᠤᠰ᠎ᠤᠨ ᠪᠠᠢ᠌ᠯᠳᠤᠬᠤ ᠪᠣᠳᠣᠯᠭ᠎ᠠ᠎ᠳᠤ ᠦᠢ᠍ᠯᠡᠴᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠣᠣᠯ ᠬᠠᠷᠢᠭᠤᠴᠠᠯᠭ᠎ᠠ ᠭᠣᠣᠯ ᠠᠵᠢᠯ ᠵᠶ᠋ᠠᠨ ᠪᠠᠲᠤ ᠰᠠᠬᠢᠵᠤ᠂ ᠤᠯᠤᠰ᠎ᠤᠨ ᠡᠨᠧᠷᠭᠢ ᠵᠢᠨ ᠠᠮᠤᠷ ᠲᠦᠪᠰᠢᠨ ᠲᠣᠭᠲᠠᠭᠤᠨ ᠬᠠᠩᠭ᠋ᠠᠯᠭ᠎ᠠ ᠵᠢ ᠪᠦᠭᠦ ᠬᠦᠴᠦᠨ ᠵᠶ᠋ᠡᠷ ᠵᠶ᠋ᠡᠨ ᠪᠠᠲᠤᠯᠠᠨ᠎ᠠ᠃ ᠲᠠᠷᠠᠭ᠋ᠠᠴᠢ ᠵᠢᠨ ᠠᠯᠬᠤᠮ᠎ᠳᠤ ᠤᠯᠤᠰ᠎ᠤᠨ ᠡᠨᠧᠷᠭᠢ ᠵᠢᠨ ᠪᠡᠯᠡ ᠤᠷᠤᠭᠤᠯᠤᠯᠳᠠ ᠵᠢᠨ ᠪᠦᠯᠦᠭᠯᠡᠯ ᠰᠠᠨᠠᠭ᠋ᠠᠴᠢᠯᠠᠭ᠎ᠠ᠎ᠠᠴᠠ᠎ᠪᠠᠨ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠲᠥᠯᠦᠪᠵᠢᠭᠦᠯᠭᠡ᠎ᠲᠠᠢ ᠵᠣᠯᠭ᠋ᠠᠭᠤᠯᠵᠤ᠂ ᠪᠦᠲᠦᠮᠵᠢᠲᠡᠶ ᠪᠡᠯᠡ ᠣᠷᠣᠭᠤᠯᠤᠯᠲᠠ ᠵᠢ ᠢᠳᠡᠪᠬᠢᠲᠡᠢ ᠥᠷᠭᠡᠳᠬᠡᠨ᠂ ᠠᠵᠤ ᠦᠢ᠍ᠯᠡᠰ᠎ᠤᠨ ᠬᠠᠮᠵᠢᠯᠴᠠᠬᠤ ᠳᠠᠪᠠᠭᠤᠯᠢᠭ ᠵᠶ᠋ᠠᠨ ᠤᠯᠠᠮ ᠨᠢᠭᠡ ᠠᠯᠬᠤᠮ ᠪᠠᠳᠠᠷᠠᠭᠤᠯᠵᠤ᠂ ᠬᠣᠶᠠᠷ ᠲᠠᠯ᠎ᠠ ᠵᠢᠨ ᠨᠡᠭᠦᠷᠡᠰᠦ ᠵᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠬᠤ᠂ ᠨᠡᠭᠦᠷᠡᠰᠦ᠎ᠪᠠᠷ ᠲᠣᠰᠣ ᠦᠢ᠍ᠯᠡᠳᠬᠦ ᠮᠡᠷᠭᠡᠵᠢᠯ᠎ᠢ ᠲᠠᠰ ᠳᠡᠪᠰᠢᠭᠦᠯᠬᠦ᠂ ᠰᠢᠨ᠎ᠡ ᠡᠨᠧᠷᠭᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠰᠤᠳᠤᠯᠤᠨ ᠨᠡᠭᠡᠭᠡᠬᠦ ᠵᠡᠷᠭᠡ ᠬᠦᠷᠢᠶᠡᠨ᠎ᠳᠠᠬᠢ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂ ᠥᠪᠥᠷ ᠮᠣᠩᠭᠣᠯ᠎ᠤᠨ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠪᠦᠭᠦ ᠬᠦᠴᠦᠨ ᠵᠶ᠋ᠡᠷ ᠵᠶ᠋ᠡᠨ ᠳᠡᠮᠵᠢᠨ᠎ᠡ ᠭᠡᠪᠡ᠃

     ᠢᠦᠢ ᠯᠢ ᠰᠢᠨ ᠠᠭᠤᠯᠵᠠᠯᠲᠠ᠎ᠳᠤ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map