ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠨ ᠵᠢᠷᠭᠤᠳᠤᠭ᠋ᠠᠷ ᠤᠳᠠᠭ᠎ᠠ ᠵᠢᠨ ᠬᠤᠷᠠᠯ ᠡᠬᠢᠯᠡᠪᠡ ᠰᠦᠨ ᠱᠤᠤ ᠴᠧᠩ ᠬᠤᠷᠠᠯ᠎ᠢ ᠡᠷᠭᠢᠯᠡᠵᠠᠢ
ᠨᠡᠶ᠋ᠢᠲᠡᠯᠡᠭᠰᠡᠨ ᠴᠠᠭ᠄ 2025-03-25

    3 ᠰᠠᠷ᠎ᠠ ᠵᠢᠨ 24᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠨ ᠵᠢᠷᠭᠤᠳᠤᠭ᠋ᠠᠷ ᠤᠳᠠᠭ᠎ᠠ ᠵᠢᠨ ᠬᠤᠷᠠᠯ ᠡᠬᠢᠯᠡᠬᠦ ᠵᠢᠨ ᠬᠠᠮᠲᠤ ᠠᠩᠬᠠᠳᠤᠭ᠋ᠠᠷ ᠤᠳᠠᠭ᠎ᠠ ᠵᠢᠨ ᠪᠦᠭᠦᠳᠠ ᠬᠤᠷᠠᠯ ᠬᠢᠪᠡ᠃

十四届人大常委会第十六次会议.jpg

 

    ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠎ᠳᠤ ᠣᠲᠣ 70 ᠪᠦᠷᠢᠯᠳᠦᠭᠦᠨ᠎ᠲᠠᠢ᠂ 64 ᠬᠥᠮᠥᠨ᠎ᠨᠢ ᠲᠣᠰ ᠤᠳᠠᠭ᠎ᠠ ᠵᠢᠨ ᠬᠤᠷᠠᠯ᠎ᠳᠤ ᠣᠷᠣᠯᠴᠠᠵᠤ᠂ ᠬᠠᠤᠯᠢ᠎ᠳᠤ ᠲᠣᠭᠲᠠᠭ᠋ᠠᠭᠰᠠᠨ ᠬᠥᠮᠥᠨ᠎ᠤ ᠲᠣᠭ᠎ᠠ᠎ᠳᠤ ᠨᠡᠢ᠌ᠴᠡᠪᠡ᠃

    ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠡᠷᠭᠢᠯᠡᠭᠴᠢ ᠰᠦᠨ ᠱᠤᠤ ᠴᠧᠩ ᠬᠤᠷᠠᠯ᠎ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠪᠠᠢ᠌ᠩᠭᠤ ᠵᠢᠨ ᠳᠡᠳ᠋ ᠡᠷᠭᠢᠯᠡᠭᠴᠢ ᠯᠢᠨ ᠱᠤᠤ ᠴᠦᠨ᠂ ᠳᠡᠳ᠋ ᠡᠷᠭᠢᠯᠡᠭᠴᠢ ᠵᠠᠩ ᠱᠤᠤ ᠴᠦᠨ᠂ ᠳ᠋ᠤᠸᠠᠨ ᡁᠢ ᠴᠢᠶᠠᠩ᠂ ᠵᠧᠩ ᠬᠣᠩ ᠹᠠᠨ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ᠎ᠤᠨ ᠳᠠᠷᠤᠭ᠎ᠠ ᠸᠠᠨ ᠴᠤᠤ ᠴᠢ ᠬᠤᠷᠠᠯ᠎ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠴᠢ᠊ ᠪᠠᠲᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠵᠢᠨ ᠳᠠᠷᠤᠭ᠎ᠠ ᠶᠠᠩ ᠽᠥᠩ ᠷᠧᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠨ ᠪᠠᠢ᠌ᠴᠠᠭ᠋ᠠᠬᠤ ᠳᠠᠷᠤᠭ᠎ᠠ ᠯᠢ ᠶᠦᠩ ᠵᠢᠶᠦ᠋ᠨ ᠬᠤᠷᠠᠯ᠎ᠳᠤ ᠰᠤᠯᠠ ᠣᠷᠣᠯᠴᠠᠵᠠᠢ᠃

    ᠬᠤᠷᠠᠯ᠎ᠤᠨ ᠵᠥᠪᠯᠡᠬᠦ ᠵᠦᠢ᠍ᠯᠡᠰ᠎ᠢ ᠪᠠᠲᠤᠯᠠᠭᠰᠠᠨ᠎ᠤ ᠳᠠᠷᠠᠭ᠎ᠠ᠂ ᠬᠤᠷᠠᠯ᠎ᠠᠴᠠ ᠵᠠᠩ ᠱᠤᠤ ᠴᠦᠨ᠎ᠤ ᠬᠢᠭᠰᠡᠨ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ᠎ᠨᠢ ᠪᠠᠭᠤᠯᠭ᠋ᠠᠬᠤ᠎ᠪᠠᠷ ᠳᠡᠪᠰᠢᠭᠦᠯᠦᠭᠰᠡᠨ ᠬᠥᠮᠥᠰ᠎ᠤᠨ ᠪᠠᠢ᠌ᠳᠠᠯ᠎ᠤᠨ ᠲᠤᠬᠠᠢ ᠲᠣᠳᠣᠷᠬᠠᠢ᠌ᠯᠠᠯᠲᠠ᠂ ᠴᠢ᠊ ᠪᠠᠲᠤ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ᠎ᠤᠨ ᠳᠡᠳ᠋ ᠡᠷᠭᠢᠯᠡᠭᠴᠢ ᠴᠧᠨ ᠵᠢᠢ ᠴᠢᠩ᠎ᠤᠨ ᠬᠢᠭᠰᠡᠨ ᠲᠤᠰᠢᠶᠠᠯ᠎ᠳᠤ ᠲᠣᠮᠢᠯᠠᠬᠤ᠎ᠪᠠᠷ ᠳᠡᠪᠰᠢᠭᠦᠯᠦᠭᠰᠡᠨ ᠬᠥᠮᠥᠰ᠎ᠤᠨ ᠪᠠᠢ᠌ᠳᠠᠯ᠎ᠤᠨ ᠲᠤᠬᠠᠢ ᠲᠣᠳᠣᠷᠬᠠᠢ᠌ᠯᠠᠯᠲᠠ ᠵᠢ ᠰᠣᠨᠣᠰᠪᠠ᠃

    ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠳᠦᠷᠢᠮ᠎ᠤᠨ ᠵᠥᠪᠯᠡᠯ᠎ᠤᠨ ᠡᠷᠭᠢᠯᠡᠭᠴᠢ ᠭᠡᠰᠢᠭᠦᠨ ᠰᠠᠷᠠᠨ᠎ᠤ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢᠨ ᠳᠦᠷᠢᠮ (ᠲᠥᠰᠥᠯ)》᠎ᠢ ᠬᠢᠨᠠᠨ ᠵᠥᠪᠯᠡᠭᠰᠡᠨ ᠦᠷ᠎ᠡ ᠳ᠋ᠦᠩ᠎ᠤᠨ ᠲᠤᠬᠠᠢ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠳᠦᠷᠢᠮ᠎ᠤᠨ ᠵᠥᠪᠯᠡᠯ᠎ᠤᠨ ᠳᠡᠳ᠋ ᠡᠷᠭᠢᠯᠡᠭᠴᠢ ᠭᠡᠰᠢᠭᠦᠨ ᠵᠧᠩ ᠵᠢᠨ ᠴᠦᠨ᠎ᠤ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠭᠤ ᠭᠠᠵᠠᠷ᠎ᠤᠨ ᠬᠠᠮᠠᠭ᠋ᠠᠯᠠᠯᠲᠠ ᠵᠢᠨ ᠳᠦᠷᠢᠮ (ᠵᠠᠰᠠᠪᠤᠷᠢ ᠣᠷᠣᠭᠤᠯᠤᠭᠰᠠᠨ ᠲᠥᠰᠥᠯ)》᠎ᠢ ᠬᠢᠨᠠᠨ ᠵᠥᠪᠯᠡᠭᠰᠡᠨ ᠦᠷ᠎ᠡ ᠳ᠋ᠦᠩ᠎ᠤᠨ ᠲᠤᠬᠠᠢ ᠮᠡᠳᠡᠭᠦᠯᠦᠯᠲᠡ ᠵᠢ ᠰᠣᠨᠣᠰᠪᠠ᠃

    ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠳᠠᠷᠤᠭ᠎ᠠ ᠵᠠᠢ ᠶᠢᠩ ᠵᠢᠶᠦ᠋ᠨ᠎ᠤ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯᠥᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠳᠦᠷᠢᠮ (ᠲᠥᠰᠥᠯ)》᠎ᠤᠨ ᠲᠤᠬᠠᠢ ᠲᠣᠳᠣᠷᠬᠠᠢ᠌ᠯᠠᠯᠲᠠ ᠵᠢ ᠰᠣᠨᠣᠰᠪᠠ; ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠪᠠᠢ᠌ᠩᠭᠤ ᠵᠢᠨ ᠳᠡᠳ᠋ ᠳᠠᠷᠤᠭ᠎ᠠ ᠯᠢᠦ ᠬᠣᠩ᠎ᠤᠨ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭᠢᠯᠭ᠋ᠠᠨ ᠭᠦᠳᠡᠯᠭᠡᠭᠦᠷᠲᠦ ᠳᠤᠭᠤᠢ ᠲᠡᠷᠭᠡ ᠵᠢᠨ ᠬᠠᠮᠢᠶᠠᠷᠤᠯᠲᠠ ᠵᠢᠨ ᠳᠦᠷᠢᠮ (ᠲᠥᠰᠥᠯ)》᠎ᠤᠨ ᠲᠤᠬᠠᠢ ᠲᠣᠳᠣᠷᠬᠠᠢ᠌ᠯᠠᠯᠲᠠ; ᠥᠪᠡᠷᠲᠡᠭᠡᠨ ᠵᠠᠰᠠᠬᠤ ᠣᠷᠣᠨ᠎ᠤ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ ᠬᠣᠯᠪᠣᠭ᠋ᠠᠲᠤ ᠬᠣᠷᠰᠢᠶ᠎ᠠ ᠵᠢᠨ ᠬᠡᠷᠡᠭ ᠡᠷᠭᠢᠯᠡᠭᠴᠢᠳ᠎ᠤᠨ ᠬᠤᠷᠠᠯ᠎ᠤᠨ ᠡᠷᠭᠢᠯᠡᠭᠴᠢ ᠴᠢᠶᠣᠤ ᠶᠦᠨ ᠯᠢ ᠵᠢᠨ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ ᠳᠦᠷᠢᠮ (ᠲᠥᠰᠥᠯ)》᠎ᠤᠨ ᠲᠤᠬᠠᠢ ᠲᠣᠳᠣᠷᠬᠠᠢ᠌ᠯᠠᠯᠲᠠ ᠵᠢ ᠰᠣᠨᠣᠰᠪᠠ᠃

    ᠬᠤᠷᠠᠯ᠎ᠠᠴᠠ ᠶᠠᠩ ᠽᠥᠩ ᠷᠧᠨ᠎ᠤ ᠬᠢᠭᠰᠡᠨ ᠰᠢᠭᠦᠨ ᠲᠠᠰᠤᠯᠬᠤ ᠡᠭᠦᠷᠭᠡ ᠴᠢᠳᠠᠪᠬᠢ᠎ᠪᠠᠨ ᠪᠠᠳᠠᠷᠠᠭᠤᠯᠵᠤ ᠬᠠᠤᠯᠢ ᠶᠣᠰᠣᠭ᠋ᠠᠷ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢ ᠠᠬᠢᠭᠤᠯᠤᠭᠰᠠᠨ ᠠᠵᠢᠯ᠎ᠤᠨ ᠪᠠᠢ᠌ᠳᠠᠯ᠎ᠤᠨ ᠲᠤᠬᠠᠢ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠳᠠᠷᠤᠭ᠎ᠠ ᠵᠢᠦᠢ ᠱᠤ᠌ ᠸᠸᠨ᠎ᠤ ᠬᠢᠭᠰᠡᠨ 2024 ᠣᠨ᠎ᠤ ᠵᠠᠰᠠᠭ᠎ᠤᠨ ᠣᠷᠳᠣᠨ᠎ᠤ ᠥᠷᠢ ᠥᠭᠴᠡᠭᠡ ᠵᠢᠨ ᠬᠠᠮᠢᠶᠠᠷᠤᠯᠲᠠ ᠵᠢᠨ ᠪᠠᠢ᠌ᠳᠠᠯ᠎ᠤᠨ ᠲᠤᠬᠠᠢ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠬᠢᠨᠠᠨ ᠪᠤᠳᠤᠬᠤ ᠲᠢᠩᠬᠢᠮ᠎ᠤᠨ ᠳᠠᠷᠤᠭ᠎ᠠ ᠾᠥᠸᠧ ᠵᠣᠣ ᠯᠢᠶᠠᠩ᠎ᠤᠨ ᠬᠢᠭᠰᠡᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠲᠥᠰᠥᠪ᠎ᠤᠨ ᠭᠦᠢ᠍ᠴᠡᠳᠬᠡᠯ ᠪᠠ ᠪᠤᠰᠤᠳ ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ ᠵᠢᠨ 2024 ᠣᠨ᠎ᠤ ᠬᠢᠨᠠᠨ ᠪᠣᠳᠣᠯᠲᠠ᠎ᠪᠠᠷ ᠪᠠᠢ᠌ᠴᠠᠭ᠋ᠠᠨ ᠭᠠᠷᠭ᠋ᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠤᠨ ᠲᠤᠬᠠᠢ ᠮᠡᠳᠡᠭᠦᠯᠦᠯᠲᠡ ᠵᠢ ᠰᠣᠨᠣᠰᠤᠭᠰᠠᠨ ᠪᠥᠭᠡᠳ ᠬᠠᠨᠤᠮᠵᠢ᠎ᠲᠠᠢ ᠪᠠᠢ᠌ᠬᠤ ᠬᠡᠮᠵᠢᠶ᠎ᠡ ᠵᠢ ᠰᠢᠯᠭ᠋ᠠᠨ ᠦᠨᠡᠯᠡᠪᠡ᠃ ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠬᠠᠤᠯᠢ ᠳᠦᠷᠢᠮ᠎ᠤᠨ ᠠᠵᠢᠯ᠎ᠤᠨ ᠵᠥᠪᠯᠡᠯ᠎ᠤᠨ ᠡᠷᠭᠢᠯᠡᠭᠴᠢ ᠵᠠᠩ ᠽᠦᠸᠧ ᠾᠧᠦ ᠵᠢᠨ ᠬᠢᠭᠰᠡᠨ 2024 ᠣᠨ᠎ᠤ ᠪᠦᠷᠢᠳᠬᠡᠨ ᠳᠠᠩᠰᠠᠯᠠᠭᠤᠯᠵᠤ ᠬᠢᠨᠠᠨ ᠪᠠᠢ᠌ᠴᠠᠭ᠋ᠠᠭᠰᠠᠨ ᠠᠵᠢᠯ᠎ᠤᠨ ᠪᠠᠢ᠌ᠳᠠᠯ᠎ᠤᠨ ᠲᠤᠬᠠᠢ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠲᠥᠯᠥᠭᠡᠯᠡᠭᠴᠢ ᠵᠢᠨ ᠬᠢᠷᠢ ᠭᠡᠮ᠎ᠢ ᠬᠢᠨᠠᠨ ᠪᠠᠢ᠌ᠴᠠᠭ᠋ᠠᠬᠤ ᠵᠥᠪᠯᠡᠯ᠎ᠤᠨ ᠳᠡᠳ᠋ ᠡᠷᠭᠢᠯᠡᠭᠴᠢ ᠭᠡᠰᠢᠭᠦᠨ ᠭᠦᠸᠧ ᠰᠢᠨ᠎ᠤ ᠬᠢᠭᠰᠡᠨ ᠣᠨᠴᠠ ᠵᠠᠷᠢᠮ ᠲᠥᠯᠥᠭᠡᠯᠡᠭᠴᠢ ᠵᠢᠨ ᠲᠥᠯᠥᠭᠡᠯᠡᠭᠴᠢ ᠵᠢᠨ ᠬᠢᠷᠢ ᠭᠡᠮ᠎ᠤᠨ ᠲᠤᠬᠠᠢ ᠮᠡᠳᠡᠭᠦᠯᠦᠯᠲᠡ ᠵᠢ ᠰᠣᠨᠣᠰᠪᠠ᠃

    ᠬᠤᠷᠠᠯ᠎ᠠᠴᠠ ᠪᠠᠰᠠ ᠵᠥᠪᠰᠢᠶᠡᠷᠡᠭᠦᠯᠬᠦ᠎ᠪᠠᠷ ᠳᠡᠪᠰᠢᠭᠦᠯᠦᠭᠰᠡᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ ᠪᠠ ᠵᠠᠰᠠᠪᠤᠷᠢ ᠣᠷᠣᠭᠤᠯᠤᠭᠰᠠᠨ ᠥᠪᠡᠷᠲᠡᠭᠡᠨ ᠵᠠᠰᠠᠬᠤ ᠳᠦᠷᠢᠮ᠂ 2024 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠪᠠᠢ᠌ᠳᠠᠯ᠎ᠤᠨ ᠲᠤᠬᠠᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠲᠥᠰᠥᠪ᠎ᠤᠨ ᠠᠵᠢᠯ᠎ᠤᠨ ᠵᠥᠪᠯᠡᠯ᠎ᠤᠨ 2024 ᠣᠨ᠎ᠤ ᠵᠠᠰᠠᠭ᠎ᠤᠨ ᠣᠷᠳᠣᠨ᠎ᠤ ᠥᠷᠢ ᠥᠭᠴᠡᠭᠡ ᠵᠢᠨ ᠬᠠᠮᠢᠶᠠᠷᠤᠯᠲᠠ ᠵᠢᠨ ᠪᠠᠢ᠌ᠳᠠᠯ᠎ᠤᠨ ᠲᠤᠬᠠᠢ ᠪᠠᠢ᠌ᠴᠠᠭ᠋ᠠᠨ ᠰᠤᠳᠤᠯᠤᠯᠲᠠ ᠵᠢᠨ ᠮᠡᠳᠡᠭᠦᠯᠦᠯᠲᠡ ᠵᠢ ᠬᠢᠨᠠᠨ ᠵᠥᠪᠯᠡᠪᠡ᠃

    ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠡᠯ᠎ᠡ ᠲᠤᠰᠬᠠᠢ ᠵᠥᠪᠯᠡᠯ᠎ᠤᠨ ᠳᠡᠳ᠋ ᠡᠷᠭᠢᠯᠡᠭᠴᠢ ᠭᠡᠰᠢᠭᠦᠨ᠂ ᠭᠡᠰᠢᠭᠦᠨ᠂ ᠬᠡᠰᠡᠭ ᠠᠷᠠᠳ᠎ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠵᠢᠯ᠎ᠤᠨ ᠪᠠᠢ᠌ᠭᠤᠯᠤᠮᠵᠢ ᠪᠠ ᠠᠢ᠌ᠮᠠᠭ᠎ᠤᠨ ᠠᠵᠢᠯ᠎ᠤᠨ ᠵᠥᠪᠯᠡᠯ᠎ᠤᠨ ᠬᠠᠷᠢᠭᠤᠴᠠᠯᠭ᠋ᠠᠲᠠᠨ ᠨᠥᠬᠥᠳ᠂ ᠡᠯ᠎ᠡ ᠲᠣᠭᠣᠷᠢᠭ ᠪᠠᠢ᠌ᠭᠤᠯᠤᠭᠰᠠᠨ ᠬᠣᠲᠠ᠂ ᠮᠠᠨᠵᠤᠤᠷ ᠬᠣᠲᠠ᠂ ᠡᠷᠢᠶᠡᠨ ᠬᠣᠲᠠ᠂ ᠥᠪᠡᠷᠲᠡᠭᠡᠨ ᠵᠠᠰᠠᠬᠤ ᠬᠣᠰᠢᠭᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠬᠠᠷᠢᠭᠤᠴᠠᠯᠭ᠋ᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map