ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠤᠤ ᠴᠸᠩ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠪᠠᠢ᠌ᠴᠠᠭ᠋ᠠᠨ ᠰᠤᠳᠤᠯᠬᠤ᠎ᠳᠠᠭᠠᠨ ᠴᠢᠬᠤᠯᠠᠴᠢᠯᠠᠭᠰᠠᠨ᠎ᠨᠢ ᠣᠢ ᠰᠢᠭᠤᠶ ᠨᠤᠲᠤᠭ ᠪᠡᠯᠴᠢᠭᠡᠷ᠎ᠢ ᠡᠪᠳᠡᠨ ᠰᠦᠢ᠍ᠳᠬᠡᠬᠦ ᠵᠢ ᠬᠣᠷᠢᠭᠯᠠᠬᠤ ᠨᠢᠬᠡᠨ ᠤᠳᠠᠭ᠎ᠠ ᠵᠢᠨ ᠶᠡᠷᠦᠩᠬᠡᠶ ᠳᠠᠶ᠋ᠢᠯᠠᠯᠳᠤᠭ᠋ᠠᠨ᠎ᠢ ᠬᠢᠬᠦ ᠬᠡᠷᠡᠭᠳᠠᠢ
ᠨᠡᠶ᠋ᠢᠲᠡᠯᠡᠭᠰᠡᠨ ᠴᠠᠭ᠄ 2025-03-26


      3 ᠰᠠᠷ᠎ᠠ ᠵᠢᠨ 25᠎ᠤ ᠦᠳᠡ ᠵᠢᠨ ᠬᠣᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠸᠩ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠬᠦᠷᠴᠦ᠂ ᠣᠶ ᠰᠢᠭᠤᠶ ᠨᠤᠲᠤᠭ ᠪᠡᠯᠴᠢᠭᠡᠷ᠎ᠢ ᠡᠪᠳᠡᠨ ᠰᠦᠢ᠍ᠳᠬᠡᠬᠦ ᠵᠢ ᠬᠡᠷᠬᠢᠨ ᠬᠣᠷᠢᠭᠯᠠᠬᠤ ᠲᠤᠬᠠᠶ ᠪᠠᠶ᠋ᠢᠴᠠᠭ᠋ᠠᠨ ᠰᠤᠳᠤᠯᠵᠠᠢ᠃

111.jpg

       ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠶ ᠵᠢᠨ ᠮᠡᠳᠡᠭᠡ ᠵᠠᠩᠭᠢ ᠵᠢ ᠬᠡᠮᠵᠢᠨ ᠵᠢᠷᠤᠬᠯᠠᠬᠤ ᠲᠥᠪ᠎ᠲᠤ᠂ ᠰᠦᠨ ᠱᠤᠤ ᠴᠸᠩ ᠥᠪᠥᠷ ᠮᠣᠩᠭᠣᠯ᠎ᠤᠨ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠡᠭᠦᠯᠡᠨ ᠦᠢ᠍ᠯᠡᠴᠢᠯᠡᠭᠡᠨ᠎ᠤ ᠲᠠᠪᠴᠠᠩ᠎ᠤᠨ ᠦᠵᠡᠭᠦᠯᠭᠡ ᠵᠢ ᠦᠵᠡᠵᠦ᠂ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠳ᠋ᠠᠶ᠋ᠢᠲ᠋ᠠ ᠵᠢ ᠠᠰᠢᠭᠯᠠᠨ ᠬᠠᠤᠯᠢ ᠵᠢ ᠵᠥᠷᠢᠴᠡᠨ ᠭᠠᠵᠠᠷ ᠰᠢᠷᠣᠶ ᠵᠢ ᠡᠵᠡᠯᠡᠨ ᠬᠡᠷᠡᠭᠯᠡᠭᠰᠡᠨ᠎ᠢ ᠬᠢᠨᠠᠨ ᠬᠡᠮᠵᠢᠬᠦ ᠵᠡᠷᠭᠡ ᠪᠠᠶ᠋ᠢᠳᠠᠯ᠎ᠢ ᠣᠶ᠋ᠢᠯᠠᠭ᠋ᠠᠭᠰᠠᠨ ᠪᠥᠭᠡᠳ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ᠎ᠲᠠᠢ ᠭᠦᠨᠵᠡᠭᠡᠶ ᠶᠠᠷᠢᠯᠴᠠᠨ ᠰᠣᠯᠢᠯᠴᠠᠪᠠ᠃ ᠲᠡᠷᠡ᠂ ᠪᠠᠶ᠋ᠢᠭ᠋ᠠᠯᠢ ᠵᠢᠨ ᠡᠬᠢ ᠪᠠᠶᠠᠯᠢᠭ ᠪᠠ ᠣᠶ ᠰᠢᠭᠤᠶ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ᠎ᠤᠨ᠎ᠬᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠪᠠ ᠬᠠᠮᠵᠢᠯᠴᠠᠨ ᠠᠵᠢᠯᠯᠠᠬᠤ᠎ᠪᠠᠨ ᠴᠢᠩᠭ᠋ᠠᠳᠬᠠᠵᠤ᠂ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠳ᠋ᠠᠶ᠋ᠢᠲ᠋ᠠ ᠵᠢ ᠭᠦᠢ᠍ᠴᠡᠳ ᠠᠰᠢᠭᠯᠠᠨ᠂ ᠣᠶ ᠰᠢᠭᠤᠶ ᠨᠤᠲᠤᠭ ᠪᠡᠯᠴᠢᠭᠡᠷ᠎ᠲᠤ ᠬᠣᠯᠪᠣᠭᠳᠠᠭᠰᠠᠨ ᠬᠠᠤᠯᠢ ᠪᠤᠰᠤ᠎ᠪᠠᠷ ᠭᠠᠵᠠᠷ ᠰᠢᠷᠣᠶ ᠵᠢ ᠡᠵᠡᠯᠡᠨ ᠬᠡᠷᠡᠭᠯᠡᠭᠰᠡᠨ ᠡᠯ᠎ᠡ ᠵᠦᠢ᠍ᠯ᠎ᠤᠨ ᠠᠵᠢᠯᠯᠠᠭ᠎ᠠ ᠵᠢ ᠨᠢᠭᠲᠠ ᠮᠦᠷᠳᠡᠨ ᠬᠢᠨᠠᠨ ᠬᠡᠮᠵᠢᠵᠦ᠂ ᠠᠰᠠᠭᠤᠳᠠᠯ᠎ᠤᠨ ᠰᠦᠪᠡᠭᠴᠢ ᠵᠢ ᠢᠯᠡᠷᠡᠭᠦᠯᠪᠡᠯ ᠳᠠᠷᠤᠶ ᠲᠦᠷᠭᠡᠨ ᠰᠢᠢ᠍ᠳᠪᠦᠷᠢᠯᠡᠬᠦ ᠬᠡᠷᠡᠭᠲᠡᠶ ᠭᠡᠪᠡ᠃

       ᠰᠦᠨ ᠱᠤᠤ ᠴᠸᠩ᠂ ᠤᠢ ᠰᠢᠭᠤᠢ ᠨᠤᠲᠤᠭ ᠪᠡᠯᠴᠢᠭᠡᠷ᠎ᠢ ᠡᠪᠳᠡᠨ ᠰᠦᠢ᠍ᠳᠬᠡᠬᠦ᠎ᠨᠢ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠠᠬᠢᠴᠠ ᠵᠢ ᠤᠳᠠᠭ᠋ᠠᠰᠢᠷᠠᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠳᠦᠭᠡᠨ ᠪᠠᠶ᠋ᠢᠭᠤᠯᠤᠯᠲᠠ ᠵᠢᠨ ᠦᠷ᠎ᠡ ᠪᠦᠲᠦᠮᠵᠢ ᠵᠢ ᠨᠥᠯᠥᠭᠡᠯᠡᠵᠦ ᠪᠤᠢ᠂ ᠡᠷᠬᠡᠪᠰᠢ ᠬᠦᠴᠦᠲᠡᠢ ᠴᠡᠭᠴᠡᠯᠡᠨ ᠵᠠᠰᠠᠵᠤ᠂ ᠡᠨᠡ ᠬᠦ᠌ ᠭᠠᠵᠢᠭᠤ ᠰᠤᠷᠲᠠᠯ᠎ᠢ ᠡᠷᠡᠰ ᠬᠣᠷᠢᠭᠯᠠᠬᠤ ᠬᠡᠷᠡᠭᠲᠡᠢ᠃ ᠡᠨᠡ ᠵᠢᠯ ᠤᠢ ᠰᠢᠭᠤᠢ ᠨᠤᠲᠤᠭ ᠪᠡᠯᠴᠢᠭᠡᠷ᠎ᠢ ᠡᠪᠳᠡᠨ ᠰᠦᠢ᠍ᠳᠬᠡᠬᠦ ᠵᠢ ᠬᠤᠷᠢᠭᠯᠠᠬᠤ ᠨᠢᠬᠡᠨ ᠤᠳᠠᠭ᠎ᠠ ᠵᠢᠨ ᠶᠡᠷᠦᠩᠬᠡᠢ ᠳᠠᠶ᠋ᠢᠯᠠᠯᠳᠤᠭ᠋ᠠᠨ᠎ᠢ ᠬᠢᠵᠤ᠂ ᠬᠢᠯᠪᠠᠷ ᠪᠤᠰᠤ᠎ᠪᠠᠷ ᠢᠷᠡᠭᠰᠡᠨ ᠠᠮᠢ ᠠᠬᠤᠢ ᠵᠢᠨ ᠪᠦᠳᠦᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠢ ᠦᠨᠡᠨ ᠬᠦ᠌ ᠰᠠᠶ᠋ᠢᠲᠤᠷ ᠰᠠᠬᠢᠨ ᠬᠠᠮᠠᠭ᠋ᠠᠯᠠᠬᠤ ᠬᠡᠷᠡᠭᠲᠡᠢ᠃ ᠳᠠᠭ᠋ᠠᠭᠤᠯᠢ ᠣᠳᠣᠨ᠎ᠤ ᠠᠯᠤᠰ ᠰᠡᠷᠡᠯ ᠵᠡᠷᠭᠡ ᠮᠡᠷᠭᠡᠵᠢᠯ᠎ᠤᠨ ᠠᠷᠭ᠎ᠠ ᠪᠠᠷᠢᠯ᠎ᠢ ᠰᠠᠶ᠋ᠢᠲᠤᠷ ᠬᠡᠷᠡᠭᠯᠡᠵᠦ᠂ ᠦᠨᠳᠦᠰᠦᠨ ᠱᠠᠲᠤᠨ᠎ᠤ ᠬᠠᠤᠯᠢ ᠬᠡᠷᠡᠭᠵᠢᠭᠦᠯᠬᠦ ᠬᠦᠴᠦᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ ᠭᠠᠴᠠᠭ᠎ᠠ ᠲᠣᠰᠬᠣᠨ᠎ᠤ 《ᠬᠣᠶᠠᠷ ᠵᠥᠪᠯᠡᠯ》 ᠤᠨ᠎ᠬᠢᠨ᠎ᠤ ᠠᠰᠠᠭᠤᠳᠠᠯ᠎ᠢ ᠴᠠᠭ ᠲᠤᠬᠠᠶ᠎ᠳᠤᠨᠢ ᠢᠯᠡᠷᠡᠭᠦᠯᠦᠨ ᠮᠡᠳᠡᠭᠦᠯᠬᠦ ᠵᠢ ᠱᠠᠯᠠᠪᠳᠠᠭᠤᠯᠵᠤ᠂ 《ᠭᠤᠷᠪᠠᠨ ᠨᠢᠳᠦ》᠎ᠪᠠᠷ ᠬᠢᠨᠠᠨ ᠬᠡᠮᠵᠢᠬᠦ᠂ 《ᠭᠤᠷᠪᠠᠨ ᠱᠤᠭᠤᠮ》 ᠵᠶ᠋ᠠᠷ ᠤᠷᠢᠳᠴᠢᠯᠠᠨ ᠰᠡᠷᠡᠮᠵᠢᠯᠡᠭᠦᠯᠬᠦ 《ᠪᠤᠯᠳᠠᠵᠦ ᠭᠠᠷᠤᠰᠢ ᠦᠭᠡᠢ ᠪᠦᠰᠡᠯᠡᠯᠳᠡ》 ᠵᠢ ᠪᠠᠶ᠋ᠢᠭᠤᠯᠬᠤ ᠬᠡᠷᠡᠭᠲᠡᠶ᠃ ᠤᠢ ᠰᠢᠭᠤᠢ ᠨᠤᠲᠤᠭ ᠪᠡᠯᠴᠢᠭᠡᠷ᠎ᠢ ᠡᠪᠳᠡᠨ ᠰᠦᠢ᠍ᠳᠬᠡᠬᠦ ᠠᠵᠢᠯᠯᠠᠭ᠎ᠠ᠎ᠳᠤ ᠴᠣᠬᠢᠯᠲᠠ ᠥᠭᠬᠦ ᠵᠢ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠪᠤᠶ᠋ᠢᠮ᠎ᠠ ᠪᠠᠶ᠋ᠢᠷᠢᠨ᠎ᠳᠤ ᠲᠠᠯᠪᠢᠵᠤ᠂ ᠡᠯ᠎ᠡ ᠵᠦᠢ᠍ᠯ᠎ᠤᠨ ᠰᠠᠮᠠᠭᠤᠨ ᠦᠵᠡᠭᠳᠡᠯ᠎ᠳᠤ ᠢᠯᠡᠷᠡᠮᠡᠭᠴᠡ ᠴᠣᠬᠢᠯᠲᠠ ᠥᠭᠴᠦ᠂ ᠬᠦᠴᠦᠲᠡᠢ ᠰᠦᠷᠳᠡᠭᠦᠯᠦᠯ᠎ᠢ ᠪᠤᠢ ᠪᠣᠯᠭ᠋ᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠳᠠᠪᠬᠤᠷᠭ᠎ᠠ᠎ᠠᠴᠠ ᠦᠨᠳᠦᠰᠦᠨ ᠱᠠᠲᠤᠨ᠎ᠤ ᠡᠮᠦᠨ᠎ᠡ ᠹᠷᠣᠨᠲ ᠬᠦᠷᠲᠡᠯ᠎ᠡ᠂ ᠰᠠᠬᠢᠯᠭ᠎ᠠ ᠪᠠᠲᠤ ᠪᠠᠶ᠋ᠢᠴᠠᠭ᠋ᠠᠬᠤ᠂ ᠵᠣᠬᠢᠶᠠᠨ ᠪᠠᠶ᠋ᠢᠭᠤᠯᠬᠤ᠂ ᠤᠬᠠᠭᠤᠯᠬᠤ᠂ ᠪᠠᠶ᠋ᠢᠭ᠋ᠠᠯᠢ ᠵᠢᠨ ᠡᠬᠢ ᠪᠠᠶᠠᠯᠢᠭ᠂ ᠣᠶ ᠰᠢᠭᠤᠶ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠤ ᠠᠬᠤᠶ ᠵᠡᠷᠭᠡ ᠨᠠᠮ ᠵᠠᠰᠠᠭ᠎ᠤᠨ ᠰᠠᠯᠠᠭ᠎ᠠ ᠮᠥᠴᠢᠷ᠎ᠠᠴᠠ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠴᠠᠭ᠋ᠠᠬᠤ ᠰᠢᠭᠦᠬᠦ ᠵᠡᠷᠭᠡ ᠬᠠᠤᠯᠢ ᠴᠠᠭ᠋ᠠᠵᠠ ᠵᠢᠨ ᠪᠠᠶ᠋ᠢᠭᠤᠯᠭ᠎ᠠ ᠬᠦᠷᠲᠡᠯ᠎ᠡ᠂ ᠡᠯ᠎ᠡ ᠱᠠᠲᠤ ᠡᠯ᠎ᠡ ᠲᠠᠯ᠎ᠠ ᠵᠢᠨ᠎ᠬᠢᠨ ᠴᠥᠮ ᠬᠥᠳᠡᠯᠦᠯᠴᠡᠵᠦ᠂ ᠡᠭᠦᠷᠭᠡ ᠲᠤᠰᠢᠶᠠᠯ᠎ᠳᠠᠭᠠᠨ ᠰᠠᠭᠤᠷᠢᠯᠠᠨ ᠰᠠᠨᠠᠭ᠋ᠠᠴᠢᠯᠠᠭ᠎ᠠ᠎ᠠᠴᠠ᠎ᠪᠠᠨ ᠲᠡᠶ᠋ᠢᠯᠠᠯᠳᠤᠭ᠋ᠠᠨ᠎ᠳᠤ ᠣᠷᠣᠯᠴᠠᠵᠤ᠂ ᠣᠷᠣᠨ ᠳᠠᠶᠠᠭ᠋ᠠᠷ᠎ᠲᠤ ᠣᠶ ᠰᠢᠭᠤᠶ ᠨᠤᠲᠤᠭ ᠪᠡᠯᠴᠢᠭᠡᠷ᠎ᠢ ᠡᠪᠳᠡᠨ ᠰᠦᠢ᠍ᠳᠬᠡᠬᠦ ᠵᠢ ᠬᠣᠷᠢᠭᠯᠠᠬᠤ ᠬᠦᠴᠦᠷᠬᠡᠭ ᠶᠡᠬᠡ ᠰᠦᠷ ᠬᠦᠴᠦᠨ᠎ᠢ ᠪᠣᠶ ᠪᠣᠯᠭ᠋ᠠᠬᠤ ᠬᠡᠷᠡᠭᠲᠡᠶ ᠭᠡᠪᠡ᠃

       ᠢᠦᠢ ᠯᠢ ᠰᠢᠨ ᠠᠵᠢᠯᠯᠠᠭ᠎ᠠ᠎ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map