ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠸᠠᠩ ᠯᠢ ᠰᠢᠶᠠ ᠳᠤᠮᠳᠠ ᠪᠠᠭ᠎ᠠ ᠵᠢᠵᠢᠭ ᠠᠵᠤ ᠠᠬᠤᠢ᠌ᠯᠠᠯ᠎ᠤᠨ ᠪᠡᠯᠡ ᠬᠤᠷᠠᠮᠳᠤᠭᠤᠯᠬᠤ ᠪᠠ 《ᠬᠣᠶᠠᠷ ᠰᠢᠨ᠎ᠡ》 ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠠᠵᠢᠯ᠎ᠢ ᠪᠠᠢ᠌ᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2025-04-10

      4 ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠸᠠᠩ ᠯᠢ ᠰᠢᠶᠠ ᠪᠦᠬᠦᠯᠢ ᠡᠳᠦᠷ᠎ᠤᠨ ᠴᠠᠭ᠎ᠢ ᠠᠰᠢᠭᠯᠠᠵᠤ᠂ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠥᠷᠨᠢᠭᠦᠯᠬᠦ᠂ ᠳᠤᠮᠳᠠ ᠪᠠᠭ᠎ᠠ ᠵᠢᠵᠢᠭ ᠠᠵᠤ ᠠᠬᠤᠢ᠌ᠯᠠᠯ᠎ᠤᠨ ᠪᠡᠯᠡ ᠬᠤᠷᠠᠮᠳᠤᠭᠤᠯᠬᠤ᠎ᠳᠤ ᠬᠦᠴᠢᠷᠲᠡᠢ ᠪᠡᠯᠡ ᠬᠤᠷᠠᠮᠳᠤᠭᠤᠯᠬᠤ᠎ᠳᠤ ᠦᠨᠡᠲᠡᠢ ᠪᠠᠢ᠌ᠬᠤ ᠠᠰᠠᠭᠤᠳᠠᠯ᠎ᠢ ᠰᠢᠢ᠍ᠳᠪᠦᠷᠢᠯᠡᠬᠦ᠂ 《ᠬᠣᠶᠠᠷ ᠰᠢᠨ᠎ᠡ》 ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠤᠨ ᠲᠤᠬᠠᠢ ᠪᠠᠢ᠌ᠴᠠᠭ᠋ᠠᠨ ᠰᠤᠳᠤᠯᠪᠠ᠃


0410王莉霞调研中小微企业融资和“两新”政策落地工作.jpg


      4 ᠰᠠᠷ᠎ᠠ ᠵᠢᠨ 8᠎ᠤ ᠡᠳᠦᠷ᠂ ᠸᠠᠩ ᠯᠢ ᠰᠢᠶᠠ ᠦᠢ᠍ᠯᠡᠳᠪᠦᠷᠢ ᠬᠤᠳᠠᠯᠳᠤᠭ᠋ᠠᠨ᠎ᠤ ᠪᠠᠩᠬᠢ ᠵᠢᠨ ᠭᠦᠭᠡᠬᠣᠲᠠ ᠵᠢᠨ ᠷᠦ᠋ ᠢ ᠰᠠᠯᠪᠤᠷᠢ ᠪᠠᠩᠬᠢ ᠵᠢᠨ ᠵᠡᠭᠦᠨ ᠲᠣᠭᠣᠷᠢᠯ ᠵᠠᠮ᠎ᠤᠨ ᠡᠵᠡᠩᠨᠡᠯᠲᠡ ᠵᠢᠨ ᠶᠡᠬᠡ ᠲᠢᠩᠬᠢᠮ᠎ᠳᠤ ᠬᠦᠷᠴᠦ᠂ ᠵᠢᠭᠡᠯᠡᠯᠭᠡ ᠠᠪᠬᠤ᠎ᠪᠠᠷ ᠢᠷᠡᠭᠰᠡᠨ ᠠᠵᠤ ᠠᠬᠤᠢ᠌ᠯᠠᠯ᠎ᠤᠨ᠎ᠬᠢᠨ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠪᠠ᠃

       ᠰᠤᠷᠪᠤᠯᠵᠢᠯᠠᠭᠴᠢ   ᠬᠠᠨ ᠴᠢᠩ ᠯᠢ   ᠰᠡᠭᠦᠳᠡᠷᠯᠡᠪᠡ

       ᠸᠠᠩ ᠯᠢ ᠰᠢᠶᠠ ᠡᠩ ᠲᠡᠷᠢᠭᠦᠨ᠎ᠳᠤ ᠦᠢ᠍ᠯᠡᠳᠪᠦᠷᠢ ᠬᠤᠳᠠᠯᠳᠤᠭ᠋ᠠᠨ᠎ᠤ ᠪᠠᠩᠬᠢ ᠵᠢᠨ ᠭᠦᠭᠡᠬᠣᠲᠠ ᠵᠢᠨ ᠷᠦ᠋ ᠢ ᠰᠠᠯᠪᠤᠷᠢ ᠪᠠᠩᠬᠢ ᠵᠢᠨ ᠵᠡᠭᠦᠨ ᠲᠣᠭᠣᠷᠢᠯ ᠵᠠᠮ᠎ᠤᠨ ᠡᠵᠡᠩᠨᠡᠯᠲᠡ ᠵᠢᠨ ᠶᠡᠬᠡ ᠲᠢᠩᠬᠢᠮ᠎ᠳᠤ ᠬᠦᠷᠴᠦ᠂ ᠵᠢᠭᠡᠯᠡᠯᠭᠡ ᠠᠪᠬᠤ᠎ᠪᠠᠷ ᠢᠷᠡᠭᠰᠡᠨ ᠠᠵᠤ ᠠᠬᠤᠢ᠌ᠯᠠᠯ᠎ᠤᠨ᠎ᠬᠢᠨ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠪᠠ᠃ ᠬᠡᠳᠦᠢ ᠵᠣᠭᠣᠰ ᠵᠢᠭᠡᠯᠡᠬᠦ᠎ᠪᠠᠷ ᠲᠥᠯᠥᠪᠯᠡᠵᠦ ᠪᠠᠢ᠌ᠬᠤ ᠪᠤᠢ? ᠶᠡᠷᠦ᠎ᠳᠡᠭᠡᠨ ᠭᠡᠲᠦ ᠤᠳᠠᠭ᠎ᠠ ᠭᠦᠶᠦᠳᠡᠭ ᠪᠤᠶ? ᠬᠢᠨᠠᠨ ᠵᠥᠪᠰᠢᠶᠡᠷᠡᠬᠦ᠎ᠳᠤ ᠬᠡᠳᠦᠢ ᠴᠠᠭ ᠬᠡᠷᠡᠭᠰᠡᠬᠦ ᠪᠤᠢ? ᠬᠦᠦ ᠨᠣᠷᠮ᠎ᠠ᠎ᠨᠢ ᠬᠡᠳᠦᠢ ᠪᠤᠢ? ᠦᠢ᠍ᠯᠡᠳᠪᠦᠷᠢᠯᠡᠯ ᠡᠵᠡᠩᠨᠡᠯᠲᠡ᠎ᠳᠤ ᠶᠠᠮᠠᠷ ᠬᠦᠴᠢᠷᠳᠡᠯ᠎ᠲᠠᠢ ᠪᠤᠶ? ᠭᠡᠵᠦ ᠸᠠᠩ ᠯᠢ ᠰᠢᠶᠠ ᠮᠠᠰᠢ ᠨᠠᠷᠢᠯᠢᠭ ᠠᠰᠠᠭᠤᠪᠠ᠃


0410王莉霞调研中小微企业融资和“两新”政策落地工作2.jpg


      4 ᠰᠠᠷ᠎ᠠ ᠵᠢᠨ 8᠎ᠤ ᠡᠳᠦᠷ᠂ ᠸᠠᠩ ᠯᠢ ᠰᠢᠶᠠ ᠠᠵᠤ ᠠᠬᠤᠢ᠌ᠯᠠᠯ ᠪᠣᠯᠣᠨ ᠬᠣᠯᠪᠣᠭᠳᠠᠯ ᠪᠦᠬᠦᠢ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ᠎ᠬᠢᠨ᠎ᠲᠠᠢ ᠶᠠᠷᠢᠯᠴᠠᠬᠤ ᠬᠤᠷᠠᠯ ᠬᠢᠵᠦ᠂ ᠠᠵᠤ ᠠᠬᠤᠢ᠌ᠯᠠᠯ᠎ᠤᠨ᠎ᠬᠢᠨ᠎ᠤ ᠬᠦᠰᠡᠯ ᠱᠠᠭ᠋ᠠᠷᠳᠠᠯᠭ᠎ᠠ ᠵᠢ ᠰᠣᠨᠣᠰᠴᠤ᠂ ᠲᠤᠬᠠᠢ ᠵᠢᠨ ᠲᠠᠯᠠᠪᠠᠢ᠎ᠳᠤ ᠰᠤᠳᠤᠯᠤᠨ ᠰᠢᠢ᠍ᠳᠪᠦᠷᠢᠯᠡᠪᠡ᠃

       ᠰᠤᠷᠪᠤᠯᠵᠢᠯᠠᠭᠴᠢ   ᠬᠠᠨ ᠴᠢᠩ ᠯᠢ   ᠰᠡᠭᠦᠳᠡᠷᠯᠡᠪᠡ

       ᠲᠠᠷᠠᠭ᠎ᠠ᠎ᠨᠢ᠂ ᠸᠠᠩ ᠯᠢ ᠰᠢᠶᠠ ᠼᠤᠤ ᠳ᠋ᠦ᠋ ᠪᠡᠯᠴᠢᠭᠡᠷ᠎ᠤᠨ ᠮᠠᠯ ᠠᠵᠤ ᠠᠬᠤᠢ ᠵᠢᠨ ᠺᠤᠮᠫᠠᠨᠢ᠂ ᠢ ᠹᠧᠢ ᠠᠭ᠋ᠠᠷ᠎ᠤᠨ ᠠᠶᠠᠯᠠᠯ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠺᠤᠮᠫᠠᠨᠢ᠂ ᠯᠢᠦᠢ ᡁᠢ ᠳ᠋ᠥᠸᠧ ᠠᠷᠠᠯᠵᠢᠶ᠎ᠠ ᠬᠤᠳᠠᠯᠳᠤᠭ᠋ᠠᠨ᠎ᠤ ᠺᠤᠮᠫᠠᠨᠢ ᠵᠡᠷᠭᠡ 8 ᠠᠵᠤ ᠠᠬᠤᠢ᠌ᠯᠠᠯ ᠪᠣᠯᠣᠨ ᠬᠣᠯᠪᠣᠭᠳᠠᠯ ᠪᠦᠬᠦᠢ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ᠎ᠬᠢᠨ᠎ᠲᠠᠢ ᠶᠠᠷᠢᠯᠴᠠᠬᠤ ᠬᠤᠷᠠᠯ ᠬᠢᠵᠦ᠂ ᠠᠵᠤ ᠠᠬᠤᠢ᠌ᠯᠠᠯ᠎ᠤᠨ᠎ᠬᠢᠨ᠎ᠤ ᠬᠦᠰᠡᠯ ᠱᠠᠭ᠋ᠠᠷᠳᠠᠯᠭ᠎ᠠ ᠵᠢ ᠰᠣᠨᠣᠰᠴᠤ᠂ ᠲᠤᠬᠠᠢ ᠵᠢᠨ ᠲᠠᠯᠠᠪᠠᠢ᠎ᠳᠤ ᠰᠤᠳᠤᠯᠤᠨ ᠰᠢᠢ᠍ᠳᠪᠦᠷᠢᠯᠡᠪᠡ᠃ ᠲᠡᠷᠡ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠤᠨ ᠮᠥᠩᠭᠥᠨ ᠭᠦᠢ᠍ᠯᠭᠡᠭᠡᠨ᠎ᠤ ᠠᠵᠢᠯ ᠪᠠ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠎ᠲᠠᠢ ᠨᠢᠭᠡᠳᠬᠡᠵᠦ᠂ ᠲᠠᠪᠤᠨ ᠶᠡᠬᠡ ᠡᠭᠦᠷᠭᠡ ᠵᠢ ᠪᠡᠶᠡᠯᠡᠭᠦᠯᠬᠦ ᠪᠠ ᠵᠢᠷᠭᠤᠭ᠋ᠠᠨ ᠢᠨᠵᠧᠨᠧᠷᠢᠩ᠎ᠢ ᠰᠠᠢ᠌ᠲᠤᠷ ᠬᠡᠷᠡᠭᠵᠢᠭᠦᠯᠬᠦ᠂ ᠵᠢᠷᠭᠤᠭ᠋ᠠᠨ ᠠᠵᠢᠯᠯᠠᠭ᠎ᠠ ᠵᠢ ᠰᠠᠢ᠌ᠲᠤᠷ ᠥᠷᠨᠢᠭᠦᠯᠬᠦ᠂ ᠠᠷᠪᠠᠨ ᠶᠡᠬᠡ ᠠᠵᠤ ᠦᠢ᠍ᠯᠡᠰ᠎ᠤᠨ ᠪᠦᠯᠦᠭᠵᠢᠯ᠎ᠢ ᠰᠠᠢ᠌ᠲᠤᠷ ᠪᠦᠲᠦᠭᠡᠨ ᠪᠠᠢ᠌ᠭᠤᠯᠬᠤ᠎ᠳᠤ ᠠᠮᠢᠵᠢᠷᠠᠯ᠎ᠤᠨ ᠬᠦᠴᠦᠨ ᠨᠡᠮᠡᠷᠢᠯᠡᠬᠦ ᠬᠡᠷᠡᠭᠲᠡᠢ᠃ ᠠᠵᠤ ᠠᠬᠤᠢ᠌ᠯᠠᠯ᠎ᠢ ᠲᠣᠭᠲᠠᠪᠤᠷᠢᠵᠢᠭᠤᠯᠬᠤ ᠪᠣᠯ ᠳᠠᠷᠤᠢ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠠᠷᠠᠳ᠎ᠤᠨ ᠠᠮᠢᠳᠤᠷᠠᠯ᠎ᠢ ᠲᠣᠭᠲᠠᠪᠤᠷᠢᠵᠢᠭᠤᠯᠬᠤ ᠶᠠᠪᠤᠳᠠᠯ ᠪᠣᠯᠣᠨ᠎ᠠ᠂ ᠠᠵᠤ ᠠᠬᠤᠢ᠌ᠯᠠᠯ ᠬᠦᠴᠢᠷᠳᠡᠯ᠎ᠲᠠᠢ ᠦᠶ᠎ᠡ᠎ᠳᠤ ᠵᠠᠰᠠᠭ᠎ᠤᠨ ᠣᠷᠳᠣᠨ ᠪᠣᠯᠣᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠰᠠᠨᠠᠭ᠋ᠠᠴᠢᠯᠠᠭ᠎ᠠ᠎ᠠᠴᠠ᠎ᠪᠠᠨ ᠬᠠᠪᠰᠤᠷᠴᠤ᠂ ᠵᠠᠰᠠᠭ᠎ᠤᠨ ᠣᠷᠳᠣᠨ ᠪᠠᠩᠬᠢ ᠠᠵᠤ ᠠᠬᠤᠢ᠌ᠯᠠᠯ ᠭᠠᠷ ᠬᠣᠯᠪᠣᠯᠴᠠᠨ ᠮᠡᠳᠡᠭᠡ ᠵᠠᠩᠭᠢ ᠲᠡᠩᠴᠡᠭᠦᠷᠢ ᠦᠭᠡᠢ᠂ ᠢᠲᠡᠭᠡᠮᠵᠢᠲᠦ ᠵᠢᠭᠡᠯᠡᠯᠭᠡ ᠵᠢ ᠨᠠᠢ᠌ᠳᠠᠪᠤᠷᠢᠵᠢᠭᠤᠯᠬᠤ᠎ᠳᠤ ᠬᠦᠴᠢᠷ᠂ ᠵᠢᠭᠡᠯᠡᠯᠭᠡ ᠵᠢᠨ ᠥᠪᠡᠷ᠎ᠤᠨ ᠦᠷᠳᠡᠭ ᠥᠨᠳᠥᠷ ᠵᠡᠷᠭᠡ ᠠᠰᠠᠭᠤᠳᠠᠯ᠎ᠢ ᠰᠢᠢ᠍ᠳᠪᠦᠷᠢᠯᠡᠵᠦ᠂ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠬᠡᠷᠡᠭᠲᠡᠢ ᠭᠡᠵᠦ ᠬᠡᠯᠡᠪᠡ᠃ ᠲᠡᠷᠡ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠠᠵᠤ ᠠᠬᠤᠢ᠌ᠯᠠᠯᠲᠠᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠠᠵᠤ ᠠᠬᠤᠢ᠌ᠯᠠᠯ ᠵᠶ᠋ᠠᠨ ᠨᠡᠩ ᠰᠠᠢ᠌ᠲᠤᠷ ᠡᠷᠭᠢᠯᠡᠭᠦ᠎ᠪᠠᠷ ᠴᠢᠷᠮᠠᠢ᠌ᠬᠤ ᠬᠡᠷᠡᠭᠲᠡᠢ ᠭᠡᠵᠦ ᠵᠣᠷᠢᠭᠵᠢᠭᠤᠯᠪᠠ᠃ ᠠᠵᠤ ᠠᠬᠤᠢ᠌ᠯᠠᠯ᠎ᠤᠨ ᠳᠤᠷᠠᠳᠤᠭᠰᠠᠨ ᠵᠢᠭᠡᠯᠡᠯᠭᠡ ᠵᠢᠨ ᠲᠣᠭ᠎ᠠ ᠬᠡᠮᠵᠢᠶ᠎ᠡ ᠵᠢ ᠨᠡᠮᠡᠭᠳᠡᠭᠦᠯᠬᠦ᠂ ᠵᠢᠭᠡᠯᠡᠯᠭᠡ ᠪᠤᠴᠠᠭ᠋ᠠᠬᠤ ᠬᠤᠭᠤᠴᠠᠭ᠎ᠠ ᠵᠢ ᠤᠷᠲᠤᠳᠬᠠᠬᠤ ᠵᠡᠷᠭᠡ ᠬᠦᠰᠡᠯ ᠱᠠᠭ᠋ᠠᠷᠳᠠᠯᠭ᠎ᠠ᠎ᠳᠤ ᠴᠢᠭᠯᠡᠭᠦᠯᠦᠨ᠂ ᠲᠡᠷᠡ ᠡᠯ᠎ᠡ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠰᠢᠢ᠍ᠳᠪᠦᠷᠢᠯᠡᠬᠦ ᠠᠷᠭ᠎ᠠ ᠵᠢ ᠰᠤᠳᠤᠯᠤᠨ ᠳᠤᠷᠠᠳᠴᠤ᠂ ᠠᠯᠢ ᠲᠦᠷᠭᠡᠨ ᠵᠶ᠋ᠡᠷ ᠰᠠᠢ᠌ᠲᠤᠷ ᠰᠢᠢ᠍ᠳᠪᠦᠷᠢᠯᠡᠬᠦ ᠬᠡᠷᠡᠭᠲᠡᠢ ᠭᠡᠵᠦ ᠱᠠᠭ᠋ᠠᠷᠳᠠᠪᠠ᠃




      4 ᠰᠠᠷ᠎ᠠ ᠵᠢᠨ 8᠎ᠤ ᠡᠳᠦᠷ᠂ ᠸᠠᠩ ᠯᠢ ᠰᠢᠶᠠ  ᠵᠢᠨ ᠱᠧᠩ ᠤᠯᠠᠨ ᠤᠯᠤᠰ᠎ᠤᠨ ᠭᠡᠷ᠎ᠤᠨ ᠡᠳ᠋ᠯᠡᠯ ᠬᠡᠷᠡᠭᠰᠡᠯ᠎ᠤᠨ ᠬᠤᠳᠠᠯᠳᠤᠭ᠋ᠠᠨ᠎ᠤ ᠲᠠᠯᠠᠪᠠᠢ᠎ᠳᠤ ᠬᠦᠷᠴᠦ᠂ ᠬᠤᠳᠠᠯᠳᠤᠭ᠋ᠠᠴᠢᠳ᠎ᠲᠠᠢ ᠰᠠᠨᠠᠯ ᠵᠶ᠋ᠠᠨ ᠰᠣᠯᠢᠯᠴᠠᠵᠤ᠂ ᠭᠡᠷ᠎ᠤᠨ ᠡᠳ᠋ᠯᠡᠯ ᠬᠡᠷᠡᠭᠰᠡᠯ᠂ ᠪᠠᠷᠢᠯᠭ᠎ᠠ ᠵᠢᠨ ᠮᠠᠲ᠋ᠧᠷᠢᠶᠠᠯ᠂ ᠭᠡᠷ᠎ᠤᠨ ᠴᠠᠭᠢᠯᠭ᠋ᠠᠨ ᠬᠡᠷᠡᠭᠰᠡᠯ  ᠵᠡᠷᠭᠡ ᠠᠵᠢᠯ ᠲᠦᠷᠦᠯ᠎ᠤᠨ ᠪᠣᠷᠤᠯᠠᠭᠤᠯᠭ᠎ᠠ ᠡᠵᠡᠩᠨᠡᠯᠲᠡ ᠵᠢᠴᠢ ᠬᠡᠷᠡᠭᠯᠡᠭᠡᠨ᠎ᠤ ᠵᠦᠢ᠍ᠯᠡᠰ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠨᠠᠷᠢᠯᠢᠭ ᠣᠢ᠌ᠯᠠᠭ᠋ᠠᠪᠠ᠃

       ᠰᠤᠷᠪᠤᠯᠵᠢᠯᠠᠭᠴᠢ   ᠬᠠᠨ ᠴᠢᠩ ᠯᠢ   ᠰᠡᠭᠦᠳᠡᠷᠯᠡᠪᠡ


0410王莉霞调研中小微企业融资和“两新”政策落地工作5.jpg


      4 ᠰᠠᠷ᠎ᠠ ᠵᠢᠨ 8᠎ᠤ ᠡᠳᠦᠷ᠂ ᠸᠠᠩ ᠯᠢ ᠰᠢᠶᠠ ᠯᠢ ᠹᠧᠩ ᠮᠠᠰᠢᠨ ᠲᠡᠷᠭᠡᠨ᠎ᠤ ᠮᠡᠷᠭᠡᠵᠢᠯ᠎ᠤᠨ ᠦᠢ᠍ᠯᠡᠴᠢᠯᠡᠭᠡᠨ᠎ᠤ ᠬᠦᠷᠢᠶᠡᠯᠡᠩ᠎ᠳᠤ ᠬᠦᠷᠴᠦ᠂  ᠮᠠᠰᠢᠨ ᠲᠡᠷᠭᠡᠨ᠎ᠤ ᠠᠵᠢᠯ ᠲᠦᠷᠥᠯ᠎ᠤᠨ ᠬᠡᠷᠡᠭᠯᠡᠭᠡᠨ᠎ᠤ ᠵᠦᠢ᠍ᠯᠡᠰ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠨᠠᠷᠢᠯᠢᠭ ᠣᠢ᠌ᠯᠠᠭ᠋ᠠᠪᠠ᠃

       ᠰᠤᠷᠪᠤᠯᠵᠢᠯᠠᠭᠴᠢ   ᠬᠠᠨ ᠴᠢᠩ ᠯᠢ   ᠰᠡᠭᠦᠳᠡᠷᠯᠡᠪᠡ

       ᠲᠤᠰ ᠦᠳᠡ ᠵᠢᠨ ᠬᠣᠢ᠌ᠨ᠎ᠠ᠂ ᠸᠠᠩ ᠯᠢ ᠰᠢᠶᠠ ᠵᠢᠨ ᠱᠧᠩ ᠤᠯᠠᠨ ᠤᠯᠤᠰ᠎ᠤᠨ ᠭᠡᠷ᠎ᠤᠨ ᠡᠳ᠋ᠯᠡᠯ ᠬᠡᠷᠡᠭᠰᠡᠯ᠎ᠤᠨ ᠬᠤᠳᠠᠯᠳᠤᠭ᠋ᠠᠨ᠎ᠤ ᠲᠠᠯᠠᠪᠠᠢ ᠪᠠ ᠯᠢ ᠹᠧᠩ ᠮᠠᠰᠢᠨ ᠲᠡᠷᠭᠡᠨ᠎ᠤ ᠮᠡᠷᠭᠡᠵᠢᠯ᠎ᠤᠨ ᠦᠢ᠍ᠯᠡᠴᠢᠯᠡᠭᠡᠨ᠎ᠤ ᠬᠦᠷᠢᠶᠡᠯᠡᠩ᠎ᠳᠤ ᠬᠦᠷᠴᠦ᠂ ᠬᠤᠳᠠᠯᠳᠤᠭ᠋ᠠᠴᠢᠳ᠎ᠲᠠᠢ ᠰᠠᠨᠠᠯ ᠵᠶ᠋ᠠᠨ ᠰᠣᠯᠢᠯᠴᠠᠵᠤ᠂ ᠭᠡᠷ᠎ᠤᠨ ᠡᠳ᠋ᠯᠡᠯ ᠬᠡᠷᠡᠭᠰᠡᠯ᠂ ᠪᠠᠷᠢᠯᠭ᠎ᠠ ᠵᠢᠨ ᠮᠠᠲ᠋ᠧᠷᠢᠶᠠᠯ᠂ ᠭᠡᠷ᠎ᠤᠨ ᠴᠠᠭᠢᠯᠭ᠋ᠠᠨ ᠬᠡᠷᠡᠭᠰᠡᠯ᠂ ᠮᠠᠰᠢᠨ ᠲᠡᠷᠭᠡ ᠵᠡᠷᠭᠡ ᠠᠵᠢᠯ ᠲᠦᠷᠦᠯ᠎ᠤᠨ ᠪᠣᠷᠤᠯᠠᠭᠤᠯᠭ᠎ᠠ ᠡᠵᠡᠩᠨᠡᠯᠲᠡ ᠵᠢᠴᠢ ᠬᠡᠷᠡᠭᠯᠡᠭᠡᠨ᠎ᠤ ᠵᠦᠢ᠍ᠯᠡᠰ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠨᠠᠷᠢᠯᠢᠭ ᠣᠢ᠌ᠯᠠᠭ᠋ᠠᠪᠠ᠃ ᠳᠠᠷᠠᠭ᠎ᠠ᠎ᠨᠢ ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ᠂ 《ᠬᠣᠶᠠᠷ ᠰᠢᠨ᠎ᠡ》 ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠳᠤᠮᠳᠠ ᠣᠷᠣᠰᠢᠵᠤ ᠪᠠᠢ᠌ᠭ᠎ᠠ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠪᠡ᠃ ᠲᠡᠷᠡ᠂ ᠤᠯᠤᠰ᠎ᠤᠨ ᠲᠥᠷᠥ ᠵᠢᠨ ᠪᠣᠳᠣᠯᠭ᠎ᠠ ᠵᠢᠨ ᠠᠵᠠ ᠲᠣᠭᠢᠶᠠᠯ᠎ᠢ ᠰᠠᠢ᠌ᠲᠤᠷ ᠠᠰᠢᠭᠯᠠᠵᠤ᠂ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠨᠠᠩ ᠣᠯᠠᠨ ᠣᠯᠠᠨ ᠲᠦᠮᠡᠨ᠎ᠳᠤ ᠲᠥᠷᠥ ᠵᠢᠨ ᠪᠣᠳᠣᠯᠭ᠎ᠠ ᠵᠢ ᠮᠡᠳᠡᠭᠦᠯᠵᠦ᠂ ᠪᠣᠳᠠᠲᠤ ᠠᠰᠢᠭ ᠬᠦᠷᠲᠡᠭᠡᠬᠦ ᠬᠡᠷᠡᠭᠲᠡᠢ᠃ ᠬᠡᠷᠡᠭᠯᠡᠭᠴᠢᠳ᠎ᠤᠨ ᠬᠡᠷᠡᠭᠴᠡᠭᠡ᠎ᠠᠴᠠ ᠡᠭᠦᠰᠴᠦ᠂ ᠨᠥᠬᠥᠪᠦᠷᠢ ᠵᠢᠨ ᠲᠥᠷᠥᠯ ᠵᠦᠢ᠍ᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠬᠢᠷᠠᠭᠤᠯᠵᠤ᠂ ᠨᠥᠬᠥᠪᠦᠷᠢ ᠣᠯᠭᠣᠬᠤ ᠠᠷᠭ᠎ᠠ ᠬᠡᠮᠵᠢᠶ᠎ᠡ ᠪᠠ ᠬᠢᠨᠠᠨ ᠬᠠᠷᠭᠤᠭᠤᠯᠬᠤ ᠲᠡᠰ ᠳᠠᠷᠠᠭ᠋ᠠᠯᠠᠯ᠎ᠢ ᠲᠡᠭᠦᠯᠳᠡᠷᠵᠢᠭᠦᠯᠦᠨ᠂ ᠪᠡᠯᠡ ᠮᠥᠩᠭᠥ ᠣᠯᠭᠣᠬᠤ᠎ᠳᠤ ᠢᠯᠭᠤᠮ ᠪᠥᠭᠡᠳ ᠲᠦᠷᠭᠡᠨ ᠪᠠᠢ᠌ᠬᠤ ᠵᠢ ᠦᠨᠡᠨ ᠬᠦ᠌ ᠪᠠᠲᠤᠯᠠᠵᠤ᠂ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠣᠯᠠᠨ ᠲᠦᠮᠡᠨ᠎ᠤ ᠬᠠᠵᠠᠭᠤ᠎ᠳᠤ ᠰᠢᠭᠤᠳ ᠬᠦᠷᠭᠡᠬᠦ ᠬᠡᠷᠡᠭᠲᠡᠢ᠃ ᠤᠷᠢᠳ ᠵᠶ᠋ᠡᠷ ᠦᠨ᠎ᠡ ᠵᠢ ᠥᠰᠬᠡᠵᠦ ᠳᠠᠷᠠᠭ᠎ᠠ᠎ᠨᠢ ᠨᠥᠬᠥᠪᠦᠷᠢ ᠥᠭᠬᠦ᠂ ᠲᠣᠭᠲᠠᠭ᠋ᠠᠯ᠎ᠠᠴᠠ ᠵᠥᠷᠢᠴᠡᠨ ᠨᠥᠬᠥᠪᠦᠷᠢ ᠵᠢ ᠮᠡᠬᠡᠯᠡᠨ ᠠᠪᠬᠤ ᠵᠡᠷᠭᠡ ᠦᠢ᠍ᠯᠡ ᠠᠵᠢᠯᠯᠠᠭ᠎ᠠ ᠵᠢ ᠡᠷᠡᠰ ᠬᠣᠷᠢᠭᠯᠠᠵᠤ᠂ ᠵᠠᠬ᠎ᠠ ᠳᠡᠯᠭᠡᠭᠦᠷ᠎ᠤᠨ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠪᠤᠶ ᠪᠤᠯᠭ᠋ᠠᠬᠤ ᠬᠡᠷᠡᠭᠲᠡᠢ᠃ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠬᠤᠳᠠᠯᠳᠤᠭ᠋ᠠᠨ᠎ᠤ ᠶᠠᠪᠤᠳᠠᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠳ ᠨᠢᠭᠲᠠ ᠬᠠᠮᠵᠢᠯᠴᠠᠨ᠂ ᠠᠰᠠᠭᠤᠳᠠᠯ᠎ᠢ ᠢᠯᠡᠷᠡᠭᠦᠯᠪᠡᠯ ᠴᠠᠭ ᠲᠤᠬᠠᠢ᠎ᠳᠤᠨᠢ ᠰᠢᠢ᠍ᠳᠪᠦᠷᠢᠯᠡᠵᠦ᠂ ᠲᠥᠷᠥ ᠵᠢᠨ ᠪᠣᠳᠣᠯᠭ᠎ᠠ ᠵᠢ ᠪᠦᠲᠦᠮᠵᠢᠲᠡᠶ ᠪᠣᠳᠠᠲᠠᠢ᠌ᠵᠢᠭᠤᠯᠬᠤ ᠵᠢ ᠠᠬᠢᠭᠤᠯᠤᠨ᠂ ᠬᠡᠷᠡᠭᠯᠡᠭᠡ ᠵᠢᠨ ᠳᠠᠯᠳᠠ ᠬᠦᠴᠦᠨ᠎ᠢ ᠤᠯᠠᠮ ᠨᠢᠭᠡ ᠠᠯᠬᠤᠮ ᠬᠥᠭᠵᠢᠭᠡᠬᠦ ᠬᠡᠷᠡᠭᠲᠡᠢ ᠭᠡᠪᠡ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map