4 ᠰᠠᠷ᠎ᠠ ᠵᠢᠨ 27᠎ᠠᠴᠠ 28᠎ᠤ ᠡᠳᠦᠷ ᠪᠣᠯᠲᠠᠯ᠎ᠠ᠂ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠵᠠᠳᠠᠯᠤᠯᠲᠠ ᠵᠢᠨ ᠬᠤᠷᠠᠯ ᠬᠥᠬᠡᠬᠣᠲᠠ᠎ᠳᠤ ᠬᠤᠷᠠᠯᠳᠤᠵᠤ᠂ 4 ᠰᠠᠷ᠎ᠠ ᠵᠢᠨ 25᠎ᠤ ᠡᠳᠦᠷ᠎ᠤᠨ ᠨᠠᠮ᠎ᠤᠨ ᠲᠦᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠣᠳᠣᠬᠠᠨ᠎ᠤ ᠪᠦᠬᠦ ᠣᠷᠣᠨ᠎ᠤ ᠠᠵᠤ ᠠᠬᠤᠢ ᠵᠢᠨ ᠠᠵᠢᠯᠯᠠᠭ᠋ᠠᠨ᠎ᠳᠤ ᠣᠷᠣᠰᠢᠵᠤ ᠪᠠᠶ᠋ᠢᠭ᠎ᠠ ᠲᠤᠪᠤᠶ᠋ᠢᠮ᠎ᠠ ᠠᠰᠠᠭᠤᠳᠠᠯ᠎ᠢ ᠭᠦᠨᠵᠡᠭᠡᠢ ᠵᠠᠳᠠᠯᠵᠤ᠂ ᠠᠵᠢᠯ᠎ᠤᠨ ᠬᠦᠷᠦᠯᠴᠡᠬᠦ ᠦᠭᠡᠢ ᠲᠠᠯ᠎ᠠ᠎ᠪᠠᠨ ᠨᠠᠷᠢᠨ ᠬᠢᠨᠠᠮᠠᠭ᠋ᠠᠢ ᠪᠠᠶ᠋ᠢᠴᠠᠭ᠋ᠠᠨ ᠳᠡᠯᠭᠡᠵᠦ᠂ ᠳᠠᠷᠠᠭ᠋ᠠᠴᠢ ᠵᠢᠨ ᠠᠯᠬᠤᠮ᠎ᠤᠨ ᠠᠵᠤ ᠠᠬᠤᠢ ᠵᠢᠨ ᠠᠵᠢᠯ᠎ᠢ ᠰᠠᠶ᠋ᠢᠲᠤᠷ ᠬᠢᠬᠦ ᠲᠤᠬᠠᠢ ᠲᠤᠬᠢᠷᠠᠭᠤᠯᠤᠯᠳᠠ ᠪᠠᠶ᠋ᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠲᠡᠷᠢᠭᠦᠯᠡᠭᠴᠢ ᠵᠠᠩ ᠶᠠᠨ ᠺᠦᠨ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ ᠵᠢᠨ ᠵᠥᠪᠯᠡᠯᠭᠡᠨ᠎ᠤ ᠬᠣᠯᠪᠣᠭᠳᠠᠯ ᠪᠥᠬᠥᠶ ᠤᠳᠤᠷᠢᠳᠬᠤ ᠨᠥᠬᠥᠳ ᠪᠣᠯᠤᠨ ᠰᠢᠭᠦᠬᠦ ᠬᠤᠷᠢᠶ᠎ᠠ ᠵᠢᠨ ᠳᠠᠷᠤᠭ᠎ᠠ ᠪᠠᠶ᠋ᠢᠴᠠᠭ᠋ᠠᠬᠤ ᠬᠤᠷᠢᠶ᠎ᠠ ᠵᠢᠨ ᠪᠠᠶ᠋ᠢᠴᠠᠭ᠋ᠠᠬᠤ ᠳᠠᠷᠤᠭ᠎ᠠ ᠬᠤᠷᠠᠯ᠎ᠳᠤ ᠣᠷᠣᠯᠴᠠᠪᠠ᠃
ᠬᠤᠷᠠᠯ ᠳᠡᠭᠡᠷ᠎ᠡ᠂ ᠱ᠌ᠢ ᠭᠤᠸᠠᠩ ᠬᠤᠢ᠂ ᠬᠤᠸᠠᠩ ᡁᠢ ᠴᠢᠶᠠᠩ᠂ ᠪᠦᠦ ᠰᠢᠶᠠᠨ ᠬᠤᠸᠠ᠂ ᠴᠢ᠊ ᠪᠠᠲᠤ᠂ ᠵᠧᠩ ᠭᠤᠸᠠᠩ ᠵᠤᠤ᠂ ᠶᠤᠤ ᠶᠦᠩ ᠪᠥᠸᠧ᠂ ᠳᠠᠶ᠋ᠢᠴᠢᠨ᠂ ᠶᠠᠩ ᠵᠢᠨ᠂ ᠰᠦᠨ ᠵᠢᠶᠦ᠋ᠨ ᠴᠢᠩ ᠵᠡᠷᠭᠡ ᠥᠪᠡᠷᠲᠡᠭᠡᠨ ᠵᠠᠰᠠᠬᠤ ᠣᠷᠣᠨ᠎ᠤ ᠤᠳᠤᠷᠢᠳᠬᠤ ᠨᠥᠬᠥᠳ᠂ 12 ᠠᠶ᠋ᠢᠮᠠᠭ ᠬᠤᠳᠠ᠂ 7 ᠣᠷᠣᠨ᠎ᠤ ᠰᠢᠭᠤᠳ ᠬᠠᠷᠢᠶ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠮᠠᠨ᠎ᠤ ᠣᠷᠣᠨ᠎ᠤ ᠠᠵᠤ ᠠᠬᠤᠢ ᠵᠢᠨ ᠪᠠᠶ᠋ᠢᠳᠠᠯ᠎ᠢ 《ᠬᠡᠷᠬᠢᠨ ᠦᠵᠡᠬᠦ》᠂ ᠠᠵᠤ ᠠᠬᠤᠢ ᠵᠢᠨ ᠠᠵᠢᠯ᠎ᠢ 《ᠬᠡᠷᠬᠢᠨ ᠬᠢᠬᠦ》 ᠲᠤᠬᠠᠢ ᠦᠭᠡ ᠬᠡᠯᠡᠪᠡ᠃
ᠰᠦᠨ ᠱᠤᠤ ᠴᠧᠩ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠬᠤᠷᠠᠯ᠎ᠠᠴᠠ ᠣᠳᠣᠬᠠᠨ᠎ᠤ ᠪᠦᠬᠦ ᠤᠯᠤᠰ᠎ᠤᠨ ᠠᠵᠤ ᠠᠬᠤᠢ ᠵᠢᠨ ᠪᠠᠶ᠋ᠢᠳᠠᠯ᠎ᠢ ᠵᠠᠳᠠᠯᠤᠨ ᠰᠤᠳᠤᠯᠤᠨ ᠮᠠᠭ᠋ᠠᠳᠯᠠᠵᠤ᠂ ᠲᠠᠷᠠᠭ᠋ᠠᠴᠢ ᠵᠢᠨ ᠠᠯᠬᠤᠮ᠎ᠤᠨ ᠪᠦᠬᠦ ᠤᠯᠤᠰ᠎ᠤᠨ ᠠᠵᠤ ᠠᠬᠤᠢ ᠵᠢᠨ ᠠᠵᠢᠯ᠎ᠢ ᠲᠤᠬᠢᠷᠠᠭᠤᠯᠤᠨ ᠪᠠᠶ᠋ᠢᠷᠢᠯᠠᠭᠤᠯᠵᠤ᠂ ᠡᠯ᠎ᠡ ᠲᠠᠯ᠎ᠠ ᠵᠢᠨ ᠬᠥᠭᠵᠢᠯᠲᠡ ᠵᠢᠨ ᠢᠲᠡᠭᠡᠯ ᠵᠣᠷᠢᠭ᠎ᠢ ᠤᠯᠠᠮ ᠪᠠᠲᠤᠳᠬᠠᠵᠤ᠂ ᠬᠦᠴᠢᠷᠳᠡᠯ ᠥᠷᠢᠰᠥᠯᠳᠦᠭᠡᠨ᠎ᠢ ᠢᠳᠡᠪᠬᠢᠲᠡᠢ ᠪᠦᠲᠦᠮᠵᠢᠲᠡᠢ ᠠᠷᠭ᠋ᠠᠴᠠᠭ᠋ᠠᠵᠤ᠂ ᠠᠵᠤ ᠠᠬᠤᠢ ᠵᠢᠨ ᠦᠷᠭᠦᠯᠵᠢᠯᠡᠨ ᠰᠡᠷᠭᠦᠨ ᠰᠠᠶ᠋ᠢᠵᠢᠷᠠᠬᠤ ᠰᠠᠭᠤᠷᠢ ᠵᠢ ᠲᠠᠰᠤᠷᠠᠯᠳᠠ ᠦᠭᠡᠢ ᠪᠡᠬᠢᠵᠢᠭᠦᠯᠬᠦ᠎ᠳᠤ ᠤᠷᠤᠭᠰᠢᠯᠠᠬᠤ ᠴᠢᠭᠯᠡᠯ ᠪᠣᠯᠤᠨ ᠬᠦᠴᠦᠯᠡᠬᠦ ᠭᠣᠣᠯᠳᠠᠯᠭ᠎ᠠ ᠵᠢ ᠵᠢᠭ᠋ᠠᠵᠤ ᠥᠭᠴᠡᠢ᠃ ᠡᠯ᠎ᠡ ᠱᠠᠲᠤᠨ᠎ᠤ᠎ᠬᠢᠨ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ ᠵᠢᠨ ᠠᠵᠤ ᠠᠬᠤᠢ ᠵᠢᠨ ᠪᠠᠶ᠋ᠢᠳᠠᠯ᠎ᠤᠨ ᠲᠤᠬᠠᠢ ᠰᠢᠨᠵᠢᠯᠡᠬᠦ ᠤᠬᠠᠭ᠋ᠠᠨᠴᠢ ᠮᠠᠭ᠋ᠠᠳᠯᠠᠯᠲᠠ ᠪᠤᠯᠤᠨ ᠠᠵᠤ ᠠᠬᠤᠢ ᠵᠢᠨ ᠠᠵᠢᠯ᠎ᠤᠨ ᠲᠤᠬᠠᠢ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠂ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠢ ᠠᠵᠢᠯᠯᠠᠵᠤ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠠᠵᠤ ᠠᠬᠤᠶ᠋ᠢᠯᠠᠯ᠎ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠵᠢᠱ᠌ᠢᠯᠲᠡ ᠵᠢ ᠲᠣᠭᠲᠠᠪᠤᠷᠢᠵᠢᠭᠤᠯᠬᠤ᠎ᠪᠠᠷ ᠬᠦᠴᠦᠯᠡᠨ ᠴᠢᠷᠮᠠᠶ᠋ᠢᠵᠤ᠂ ᠪᠦᠬᠦ ᠤᠯᠤᠰ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠢᠯᠡᠭᠦᠬᠡᠨ ᠬᠤᠪᠢ ᠨᠡᠮᠡᠷᠢ ᠦᠵᠡᠭᠦᠯᠬᠦ᠎ᠪᠠᠷ ᠴᠢᠷᠮᠠᠶ᠋ᠢᠬᠤ ᠬᠡᠷᠡᠭᠲᠡᠢ ᠭᠡᠵᠡᠢ᠃
ᠰᠦᠨ ᠱᠤᠤ ᠴᠧᠩ᠂ ᠣᠳᠣᠬᠠᠨ᠎ᠳᠤ ᠮᠠᠨ᠎ᠤ ᠣᠷᠣᠨ᠎ᠤ ᠠᠵᠤ ᠠᠬᠤᠢ ᠵᠢᠨ ᠬᠥᠭᠵᠢᠯᠲᠡ ᠵᠢᠨ ᠦᠨᠳᠦᠰᠦᠨ ᠪᠠᠶ᠋ᠢᠳᠠᠯ ᠰᠠᠶ᠋ᠢᠨ ᠪᠠᠶ᠋ᠢᠨ᠎ᠠ᠂ ᠮᠠᠯ ᠠᠵᠤ ᠠᠬᠤᠢ ᠲᠠᠷᠢᠶᠠᠯᠠᠩ ᠪᠣᠯᠤᠨ ᠡᠨᠧᠷᠭᠢ ᠭᠡᠬᠦ ᠬᠣᠶᠠᠷ ᠦᠨᠳᠦᠰᠦᠨ ᠪᠠᠶ᠋ᠢᠳᠠᠯ ᠲᠣᠭᠲᠠᠭᠤᠨ ᠪᠠᠶ᠋ᠢᠨ᠎ᠠ᠂ ᠠᠵᠤ ᠦᠢ᠍ᠯᠡᠰ᠎ᠤᠨ ᠰᠠᠭᠤᠷᠢ᠂ ᠢᠳᠡᠪᠬᠢᠲᠡᠢ ᠪᠠᠶ᠋ᠢᠳᠠᠯ ᠬᠤᠪᠢᠷᠠᠭ᠎ᠠ ᠦᠭᠡᠢ᠂ ᠭᠠᠳᠠᠭ᠋ᠠᠳᠤ ᠨᠥᠬᠥᠴᠡᠯ ᠰᠠᠶ᠋ᠢᠵᠢᠷᠠᠵᠤ ᠪᠠᠶ᠋ᠢᠨ᠎ᠠ᠂ ᠬᠠᠷᠠᠯᠲᠠ ᠡᠭᠦᠷᠭᠡ ᠬᠤᠪᠢᠷᠠᠵᠤ ᠪᠣᠯᠬᠤ ᠦᠭᠡᠢ᠃ ᠡᠯ᠎ᠡ ᠱᠠᠲᠤᠨ᠎ᠤ᠎ᠬᠢᠨ ᠬᠥᠭᠵᠢᠯᠲᠡ ᠵᠢᠨ ᠢᠲᠡᠭᠡᠯ ᠵᠶ᠋ᠠᠨ ᠪᠠᠲᠤᠳᠬᠠᠵᠤ᠂ 《ᠤᠷᠤᠭᠰᠢᠯᠠᠬᠤ ᠦᠭᠡᠢ᠎ᠨᠢ ᠤᠬᠤᠷᠢᠵᠤ ᠪᠠᠶ᠋ᠢᠭ᠎ᠠ ᠶᠠᠪᠤᠳᠠᠯ ᠮᠦᠨ᠂ ᠤᠳᠠᠭ᠋ᠠᠨ ᠤᠷᠤᠭᠰᠢᠯᠠᠬᠤ᠎ᠨᠢ ᠴᠦ᠍ ᠤᠬᠤᠷᠢᠵᠤ ᠪᠠᠶ᠋ᠢᠭ᠎ᠠ ᠶᠠᠪᠤᠳᠠᠯ ᠪᠤᠯᠤᠨ᠎ᠠ》 ᠭᠡᠳᠡᠭ᠎ᠢ ᠭᠦᠢ᠍ᠴᠡᠳ ᠲᠠᠨᠢᠵᠤ᠂ ᠠᠵᠤ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠬᠦ ᠲᠤᠯᠭ᠋ᠠᠮ ᠰᠡᠳᠭᠢᠯᠭᠡ᠎ᠪᠠᠨ ᠦᠨᠡᠨ ᠬᠦ᠌ ᠴᠢᠩᠭ᠋ᠠᠳᠬᠠᠬᠤ ᠬᠡᠷᠡᠭᠲᠡᠢ᠃ ᠳᠠᠪᠠᠭᠤᠯᠢᠭ ᠵᠶ᠋ᠠᠨ ᠪᠠᠳᠠᠷᠠᠭᠤᠯᠤᠨ᠂ ᠳᠤᠲᠠᠭᠤᠳᠠᠯ ᠵᠶ᠋ᠠᠨ ᠨᠥᠬᠥᠪᠥᠷᠢᠯᠡᠵᠦ᠂ ᠲᠦᠭᠵᠢᠷᠡᠯ᠎ᠢ ᠰᠢᠯᠤᠭᠤᠳᠬᠠᠵᠤ᠂ ᠰᠢᠨ᠎ᠡ ᠡᠨᠧᠷᠭᠢ ᠡᠨᠡ ᠬᠦ᠌ ᠳᠠᠪᠠᠭᠤᠯᠢᠭ ᠠᠵᠤ ᠦᠢ᠍ᠯᠡᠰ᠎ᠢ ᠤᠯᠠᠮ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠪᠣᠳᠠᠲᠠᠢ ᠵᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠮᠠᠯ ᠠᠵᠤ ᠠᠬᠤᠢ ᠲᠠᠷᠢᠶᠠᠯᠠᠩ᠂ ᠪᠠᠷᠢᠯᠭ᠎ᠠ᠂ ᠮᠥᠩᠭᠥᠨ ᠭᠦᠢ᠍ᠯᠭᠡᠭᠡ ᠵᠡᠷᠭᠡ ᠬᠦᠷᠢᠶᠡᠨ᠎ᠳᠤ ᠣᠷᠣᠰᠢᠵᠤ ᠪᠠᠶ᠋ᠢᠭ᠎ᠠ ᠲᠤᠪᠤᠶ᠋ᠢᠮ᠎ᠠ ᠠᠰᠠᠭᠤᠳᠠᠯ᠎ᠢ ᠰᠢᠢ᠍ᠳᠪᠦᠷᠢᠯᠡᠵᠦ᠂ ᠥᠭᠡᠷᠡᠴᠢᠯᠡᠯᠲᠡ ᠵᠢᠨ ᠠᠷᠭ᠎ᠠ᠎ᠳᠤ ᠲᠦᠰᠢᠭᠯᠡᠨ ᠲᠦᠷᠦᠯ ᠵᠦᠢ᠍ᠯ᠎ᠤᠨ ᠬᠢᠨᠠᠨ ᠵᠥᠪᠰᠢᠶᠡᠷᠡᠯ ᠤᠳᠠᠭ᠋ᠠᠨ ᠪᠠᠶ᠋ᠢᠬᠤ᠂ ᠪᠣᠬᠢᠷᠲᠤᠯ ᠦᠭᠡᠢ ᠴᠠᠬᠢᠯᠭ᠋ᠠᠨ᠎ᠤ ᠬᠠᠩᠭ᠋ᠠᠯᠭ᠎ᠠ ᠬᠡᠷᠡᠭᠴᠡᠭᠡ ᠲᠤᠬᠢᠷᠠᠯᠴᠠᠬᠤ ᠦᠭᠡᠢ ᠪᠠᠶ᠋ᠢᠬᠤ᠂ ᠪᠠᠩᠬᠢ ᠪᠣᠯᠤᠨ ᠠᠵᠤ ᠠᠬᠤᠶ᠋ᠢᠯᠠᠯ᠎ᠤᠨ ᠵᠣᠯᠭ᠋ᠠᠯᠴᠠᠭ᠎ᠠ ᠤᠷᠤᠭᠰᠢᠲᠠᠢ ᠪᠤᠰᠤ ᠪᠠᠶ᠋ᠢᠬᠤ ᠵᠡᠷᠭᠡ ᠪᠣᠭᠣᠮᠢ ᠬᠢᠵᠠᠭ᠋ᠠᠷᠯᠠᠯ᠎ᠢ ᠰᠢᠢ᠍ᠳᠪᠦᠷᠢᠯᠡᠬᠦ ᠵᠢ ᠨᠡᠩ ᠴᠢᠬᠤᠯᠠᠴᠢᠯᠠᠬᠤ ᠬᠡᠷᠡᠭᠲᠡᠢ᠃ ᠰᠢᠨ᠎ᠡ ᠲᠠᠶ᠋ᠢᠨ᠎ᠤ ᠲᠠᠯᠠᠪᠤᠷ᠎ᠢ ᠨᠡᠭᠡᠭᠡᠵᠦ᠂ ᠠᠭ᠋ᠠᠷ᠎ᠤᠨ ᠦᠢ᠍ᠯᠡᠰ᠎ᠤᠨ ᠠᠵᠤ ᠠᠬᠤᠢ᠂ ᠪᠣᠬᠢᠷᠲᠤᠯ ᠦᠭᠡᠢ ᠤᠰᠤᠲᠥ᠋ᠷᠥᠭᠴᠢ᠂ ᠴᠥᠮ᠎ᠡ ᠵᠢᠨ ᠡᠨᠧᠷᠭᠢ᠂ ᠵᠢᠯᠣᠭᠣᠴᠢ ᠦᠭᠡᠢ ᠮᠠᠰᠢᠨ᠂ ᠪᠤᠳᠤᠯᠲᠠ ᠵᠢᠨ ᠬᠦᠴᠦᠨ ᠵᠡᠷᠭᠡ ᠬᠦᠷᠢᠶ᠎ᠠ ᠵᠢ ᠨᠢᠭᠲᠠ ᠠᠩᠬᠠᠷᠴᠤ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠨ ᠪᠣᠶ᠋ᠢᠵᠢᠭᠤᠯᠬᠤ ᠬᠡᠷᠡᠭᠲᠡᠢ᠃ ᠠᠷᠭ᠎ᠠ ᠪᠦᠬᠦᠨ᠎ᠢ ᠰᠦᠪᠡᠭᠴᠢᠯᠡᠨ ᠡᠳ᠋᠎ᠤᠨ ᠵᠠᠰᠠᠭ᠎ᠤᠨ ᠣᠷᠣᠯᠭ᠎ᠠ ᠪᠠ ᠰᠠᠭᠤᠭ᠋ᠠᠯᠢ ᠠᠷᠠᠳ᠎ᠤᠨ ᠣᠷᠣᠯᠭ᠎ᠠ ᠵᠢ ᠨᠡᠮᠡᠭᠳᠡᠭᠦᠯᠵᠦ᠂ ᠬᠥᠭᠵᠢᠯᠲᠡ ᠵᠢᠨ ᠦᠷ᠎ᠡ ᠠᠰᠢᠭ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠵᠢᠨ ᠱᠦᠵᠢ ᠲᠦᠷᠦᠭᠦᠯᠡᠨ ᠮᠣᠩᠭᠣᠯ ᠮᠤᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠠᠳᠠᠨ ᠵᠣᠷᠢᠭ᠂ ᠡᠷᠴᠢ ᠵᠣᠷᠢᠭ ᠵᠶ᠋ᠠᠨ ᠭᠦᠢ᠍ᠴᠡᠳ ᠬᠥᠪᠴᠢᠯᠡᠵᠦ᠂ ᠤᠶᠤᠨ ᠴᠢᠳᠠᠯ ᠵᠶ᠋ᠠᠨ ᠲᠥᠪᠯᠡᠷᠡᠭᠦᠯᠦᠨ᠂ ᠴᠠᠭ ᠮᠦᠴᠡ ᠵᠢ ᠠᠮᠵᠢᠨ ᠠᠵᠤ ᠠᠬᠤᠢ ᠵᠢᠨ ᠬᠥᠭᠵᠢᠯᠲᠡ ᠡᠨᠡ ᠬᠦ᠌ ᠭᠣᠣᠯ ᠡᠭᠦᠷᠭᠡ ᠵᠢ ᠰᠠᠶ᠋ᠢᠲᠤᠷ ᠠᠳᠬᠤᠬᠤ ᠵᠢᠨ ᠬᠠᠮᠲᠤ ᠠᠮᠢ ᠠᠬᠤᠢ ᠵᠢᠨ ᠬᠠᠮᠠᠭ᠋ᠠᠯᠠᠯᠲᠠ᠂ ᠠᠶᠤᠯ ᠲᠦᠭᠰᠢᠭᠦᠷᠢ ᠵᠢ ᠰᠡᠷᠭᠡᠶ᠋ᠢᠯᠡᠬᠦ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠂ ᠨᠠᠮ᠎ᠤᠨ ᠪᠠᠶ᠋ᠢᠭᠤᠯᠤᠯᠲᠠ᠂ ᠲᠥᠪ᠎ᠤᠨ ᠲᠣᠭᠣᠷᠢᠨ ᠪᠠᠶ᠋ᠢᠴᠠᠭ᠋ᠠᠯᠲᠠ᠎ᠳᠤ ᠬᠠᠮᠵᠢᠯᠴᠠᠬᠤ ᠵᠡᠷᠭᠡ ᠠᠵᠢᠯ᠎ᠢ ᠨᠢᠭᠡᠳᠦᠯᠲᠡᠢ ᠰᠠᠶ᠋ᠢᠳᠤᠷ ᠲᠥᠯᠥᠪᠵᠢᠭᠦᠯᠬᠦ ᠬᠡᠷᠡᠭᠲᠡᠢ ᠭᠡᠵᠡᠢ᠃