ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠸᠠᠩ ᠯᠢ ᠰᠢᠶᠠ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠲᠠᠪᠴᠠᠩ᠎ᠤᠨ ᠪᠠᠢ᠌ᠭᠤᠯᠤᠯᠲᠠ ᠵᠢᠨ ᠠᠵᠢᠯ᠎ᠢ ᠪᠠᠢ᠌ᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2025-05-09



5 ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠸᠠᠩ ᠯᠢ ᠰᠢᠶᠠ ᠮᠠᠨ᠎ᠤ ᠣᠷᠣᠨ᠎ᠤ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠲᠠᠪᠴᠠᠩ᠎ᠤᠨ ᠪᠠᠢ᠌ᠭᠤᠯᠤᠯᠲᠠ ᠵᠢᠨ ᠬᠣᠯᠪᠣᠭᠳᠠᠯ ᠪᠦᠬᠦᠢ ᠠᠰᠠᠭᠤᠳᠠᠯ᠎ᠤᠨ ᠲᠣᠭᠣᠷᠢᠨ᠎ᠳᠤ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠎ᠳᠤ ᠬᠦᠷᠴᠦ ᠪᠠᠢ᠌ᠴᠠᠭ᠋ᠠᠨ ᠰᠤᠳᠤᠯᠤᠭᠰᠠᠨ ᠪᠥᠭᠡᠳ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ᠃


1.png


ᠡᠳ᠋᠎ᠤᠨ ᠵᠠᠰᠠᠭ᠎ᠤᠨ ᠲᠢᠩᠬᠢᠮ᠎ᠳᠤ ᠸᠠᠩ ᠯᠢ ᠰᠢᠶᠠ ᠲᠥᠰᠥᠪ᠎ᠤᠨ ᠬᠠᠮᠢᠶᠠᠷᠤᠯᠲᠠ ᠵᠢ ᠨᠢᠭᠡ ᠴᠣᠭᠴᠠᠵᠢᠭᠤᠯᠬᠤ ᠰᠢᠰᠲ᠋ᠧᠮ᠂ ᠠᠷᠠᠳ᠎ᠲᠤ ᠠᠰᠢᠭ ᠬᠦᠷᠲᠡᠭᠡᠬᠦ ᠲᠠᠷᠢᠶᠠᠴᠢᠳ᠎ᠲᠤ ᠠᠰᠢᠭ ᠬᠦᠷᠲᠡᠭᠡᠬᠦ ᠨᠥᠬᠥᠪᠦᠷᠢ ᠥᠭᠬᠦ ᠪᠡᠯᠡ ᠮᠥᠩᠭᠥ ᠵᠢ ᠲᠠᠷᠬᠠᠭ᠋ᠠᠬᠤ ᠲᠠᠪᠴᠠᠩ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠡᠭᠦᠯᠡᠨ ᠲᠠᠪᠴᠠᠩ ᠵᠡᠷᠭᠡ ᠵᠢᠨ ᠬᠡᠷᠡᠭᠯᠡᠭᠡᠨ᠎ᠤ ᠪᠠᠢ᠌ᠳᠠᠯ᠎ᠢ ᠨᠠᠷᠢᠨ ᠣᠢ᠌ᠯᠠᠭ᠋ᠠᠵᠤ᠂ ᠬᠡᠷᠡᠭᠯᠡᠬᠦ ᠳᠤᠮᠳᠠ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠠᠰᠠᠭᠤᠳᠠᠯ᠎ᠢ ᠴᠠᠭ ᠲᠤᠬᠠᠢ᠎ᠳᠤᠨᠢ ᠢᠯᠡᠷᠡᠭᠦᠯᠬᠦ᠂ ᠠᠰᠠᠭᠤᠳᠠᠯ᠎ᠢ ᠱᠠᠯᠠᠪᠳᠠᠭᠤᠯᠤᠨ ᠰᠢᠢ᠍ᠳᠪᠦᠷᠢᠯᠡᠬᠦ ᠪᠢᠲᠡᠭᠦᠦ ᠭᠣᠭᠴᠣᠭ᠎ᠠ ᠵᠢ ᠪᠠᠢ᠌ᠭᠤᠯᠵᠤ᠂ ᠲᠣᠭ᠋ᠠᠴᠢᠯᠠᠭᠰᠠᠨ ᠠᠷᠭ᠎ᠠ ᠪᠠᠷᠢᠯ ᠵᠶ᠋ᠠᠷ ᠬᠢᠨᠠᠯᠲᠠ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠭᠦ ᠬᠡᠷᠡᠭᠲᠡᠢ ᠭᠡᠵᠦ ᠱᠠᠭ᠋ᠠᠷᠳᠠᠪᠠ᠃


2.JPG


ᠸᠠᠩ ᠯᠢ ᠰᠢᠶᠠ 《ᠥᠨᠳᠥᠷ ᠪᠦᠲᠦᠮᠵᠢᠲᠡᠢ᠎ᠪᠠᠷ ᠨᠢᠭᠡ ᠤᠴᠢᠷ ᠶᠠᠪᠤᠳᠠᠯ᠎ᠢ ᠬᠢᠵᠦ ᠭᠦᠢ᠍ᠴᠡᠳᠬᠡᠬᠦ》 ᠥᠭᠡᠷᠡᠴᠢᠯᠡᠯᠲᠡ ᠵᠢ ᠲᠤᠢ᠌ᠯ ᠵᠶ᠋ᠠᠷ ᠬᠠᠯᠠᠮᠵᠢᠯᠠᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠎ᠳᠤ ᠠᠵᠢᠯ᠎ᠤᠨ ᠠᠬᠢᠴᠠ ᠵᠢᠨ ᠪᠠᠢ᠌ᠳᠠᠯ᠎ᠢ ᠨᠠᠷᠢᠨ ᠣᠢ᠌ᠯᠠᠭ᠋ᠠᠵᠤ᠂ ᠥᠨᠳᠥᠷ ᠪᠦᠲᠦᠮᠵᠢᠲᠡᠢ᠎ᠪᠠᠷ ᠤᠴᠢᠷ ᠶᠠᠪᠤᠳᠠᠯ ᠬᠢᠵᠦ ᠭᠦᠢ᠍ᠴᠡᠳᠬᠡᠬᠦ ᠡᠭᠦᠳᠡᠨ᠎ᠠᠴᠠ ᠡᠭᠦᠰᠴᠦ᠂ ᠠᠵᠢᠯᠯᠠᠭᠤᠯᠬᠤ ᠰᠢᠰᠲ᠋ᠧᠮ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠯᠠᠨ ᠲᠦᠮᠡᠨ᠎ᠤ ᠲᠤᠰᠬᠠᠯ ᠴᠢᠩᠭ᠎ᠠ ᠪᠠᠢ᠌ᠭ᠎ᠠ APP ᠤᠯᠠᠨ ᠪᠠᠢ᠌ᠬᠤ᠂ ᠮᠡᠳᠡᠭᠡ ᠵᠠᠩᠭᠢ ᠵᠢ ᠲᠠᠭᠢᠨ ᠳᠠᠪᠲᠠᠨ ᠲᠠᠭᠯᠠᠬᠤ᠂ ᠵᠠᠷᠢᠮ ᠶᠠᠪᠤᠳᠠᠯ᠎ᠢ ᠰᠢᠯᠵᠢᠶ᠎ᠡ ᠵᠢᠨ ᠦᠵᠦᠭᠦᠷᠯᠢᠭ᠎ᠲᠤ ᠭᠦᠢ᠍ᠴᠡᠳᠬᠡᠬᠦ ᠵᠢ ᠳᠡᠮᠵᠢᠬᠦ ᠦᠭᠡᠢ ᠪᠠᠢ᠌ᠬᠤ ᠵᠡᠷᠭᠡ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠵᠦ᠂ ᠤᠯᠠᠨ ᠲᠦᠮᠡᠨ᠎ᠢ ᠭᠠᠷ ᠤᠲᠠᠰᠤᠨ ᠳᠡᠭᠡᠷ᠎ᠡ ᠨᠡᠩ ᠳᠥᠭᠦᠮ ᠲᠦᠷᠭᠡᠨ ᠵᠶ᠋ᠡᠷ ᠤᠴᠢᠷ ᠶᠠᠪᠤᠳᠠᠯ ᠪᠦᠲᠦᠭᠡᠵᠦ ᠴᠢᠳᠠᠬᠤ ᠵᠢ ᠪᠡᠶᠡᠯᠡᠭᠦᠯᠬᠦ ᠬᠡᠷᠡᠭᠲᠡᠢ᠃ ᠪᠡᠶᠡᠴᠢᠯᠡᠨ ᠣᠢ᠌ᠯᠠᠭ᠋ᠠᠬᠤ ᠳᠤᠭᠤᠢ᠌ᠯᠠᠩ᠎ᠢ ᠵᠣᠬᠢᠶᠠᠨ ᠪᠠᠢ᠌ᠭᠤᠯᠵᠤ᠂ 《ᠬᠡᠷᠡᠭᠯᠡᠭᠴᠢ ᠵᠢᠨ ᠬᠤᠪᠢ》᠎ᠪᠠᠷ ᠤᠴᠢᠷ ᠶᠠᠪᠤᠳᠠᠯ ᠭᠦᠢ᠍ᠴᠡᠳᠬᠡᠬᠦ ᠪᠦᠭᠦ ᠶᠠᠪᠤᠴᠠ ᠵᠢ ᠪᠡᠶᠡᠴᠢᠯᠡᠨ ᠣᠢ᠌ᠯᠠᠭ᠋ᠠᠵᠤ᠂ ᠲᠦᠭᠵᠢᠷᠡᠯ᠎ᠤᠨ ᠴᠡᠭ ᠬᠣᠷᠢᠭ᠎ᠠ ᠴᠡᠭ᠎ᠢ ᠣᠨᠣᠴᠠᠲᠠᠢ ᠡᠷᠢᠨ ᠣᠯᠵᠤ ᠰᠢᠢ᠍ᠳᠪᠦᠷᠢᠯᠡᠨ᠂ ᠬᠡᠷᠡᠭᠯᠡᠭᠴᠢ ᠵᠢᠨ ᠪᠡᠶᠡᠴᠢᠯᠡᠨ ᠣᠢ᠌ᠯᠠᠭ᠋ᠠᠬᠤ ᠲᠥᠷᠥᠭᠳᠡᠯ ᠪᠠ ᠬᠠᠨᠤᠮᠵᠢ᠎ᠲᠠᠢ ᠪᠠᠢ᠌ᠬᠤ ᠬᠡᠮᠵᠢᠶ᠎ᠡ ᠵᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠳᠠᠷᠠᠭ᠎ᠠ᠎ᠨᠢ ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠲᠠᠢ ᠤᠶᠠᠯᠳᠤᠭᠤᠯᠤᠨ ᠨᠢᠭᠡ᠎ᠠᠴᠠ ᠨᠥᠭᠦᠭᠡ ᠵᠢ ᠵᠦᠢ᠍ᠴᠢᠯᠡᠨ ᠮᠡᠳᠡᠵᠤ᠂ ᠪᠦᠭᠦ ᠣᠷᠣᠨ᠎ᠤ ᠮᠡᠳᠡᠭᠡ ᠵᠠᠩᠭᠢ ᠵᠢᠨ ᠰᠢᠰᠲ᠋ᠧᠮ᠎ᠢ ᠲᠥᠪᠯᠡᠷᠡᠭᠦᠯᠦᠨ ᠥᠭᠡᠷᠡᠴᠢᠯᠡᠬᠦ ᠲᠤᠰᠬᠠᠢ ᠠᠵᠢᠯᠯᠠᠭ᠎ᠠ ᠵᠢ ᠥᠷᠨᠢᠭᠦᠯᠵᠦ᠂ ᠳᠠᠪᠬᠤᠷᠳᠠᠭᠤᠯᠤᠨ ᠪᠦᠲᠦᠭᠡᠨ ᠪᠠᠢ᠌ᠭᠤᠯᠬᠤ ᠲᠠᠪᠴᠠᠩ᠎ᠢ ᠨᠡᠢ᠌ᠳᠬᠡᠵᠦ᠂ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠨᠢᠭᠤᠷ ᠲᠠᠯ᠎ᠠ ᠵᠢᠨ ᠢᠨᠵᠧᠨᠧᠷᠢᠩ᠂ ᠳᠦᠷᠢ ᠲᠥᠷᠬᠦ ᠵᠢᠨ ᠢᠨᠵᠧᠨᠧᠷᠢᠩ᠎ᠢ ᠡᠷᠡᠰ ᠬᠣᠷᠢᠭᠯᠠᠬᠤ ᠬᠡᠷᠡᠭᠲᠡᠢ᠃ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠪᠠᠷᠢᠮᠲᠠᠯᠠᠵᠤ᠂ ᠬᠡᠷᠡᠭᠯᠡᠬᠦ ᠶᠠᠪᠤᠴᠠ᠎ᠳᠤ ᠶᠠᠮᠠᠷ ᠠᠰᠠᠭᠤᠳᠠᠯ ᠲᠤᠯᠭ᠋ᠠᠷᠠᠪᠠᠯ ᠲᠡᠷᠡ ᠠᠰᠠᠭᠤᠳᠠᠯ᠎ᠢ ᠰᠢᠢ᠍ᠳᠪᠦᠷᠢᠯᠡᠵᠦ᠂ ᠶᠠᠭ᠋ᠠᠬᠢᠵᠤ ᠬᠡᠷᠡᠭᠯᠡᠪᠡᠯ ᠰᠠᠢ᠌ᠨ ᠪᠣᠯ ᠲᠡᠷᠡ ᠶᠣᠰᠣᠭ᠋ᠠᠷ ᠰᠠᠢ᠌ᠵᠢᠷᠠᠭᠤᠯᠵᠤ᠂ ᠢᠯᠠᠩᠭᠤᠶ᠎ᠠ ᠠᠵᠤ ᠠᠬᠤᠢ᠌ᠯᠠᠯ ᠪᠣᠯᠣᠨ ᠤᠯᠠᠨ ᠲᠦᠮᠡᠨ᠎ᠤ ᠬᠡᠷᠡᠭᠴᠡᠭᠡ᠎ᠪᠠᠷ ᠵᠣᠷᠢᠯᠲᠠ ᠪᠤᠯᠭ᠋ᠠᠵᠤ᠂ ᠰᠠᠯᠠᠭ᠎ᠠ ᠮᠥᠴᠢᠷ᠎ᠤᠨ ᠬᠣᠭᠣᠷᠣᠨᠳᠣᠭᠢ ᠳ᠋ᠠᠢ᠌ᠲ᠋ᠠ ᠵᠢᠨ ᠪᠡᠬᠢᠯᠡᠯᠲᠡ ᠵᠢ ᠨᠠᠪᠲᠠᠷᠡᠭᠦᠯᠵᠦ᠂ 《ᠰᠦᠯᠵᠢᠶᠡᠨ᠎ᠳᠤ ᠭᠠᠷᠭ᠋ᠠᠵᠤ ᠪᠤᠯᠬᠤ ᠵᠢ᠎ᠨᠢ ᠪᠦᠭᠦᠨ᠎ᠢ ᠰᠦᠯᠵᠢᠶᠡᠨ᠎ᠳᠤ ᠭᠠᠷᠭ᠋ᠠᠬᠤ》 ᠵᠠᠷᠴᠢᠮ ᠵᠶ᠋ᠠᠷ ᠳ᠋ᠠᠢ᠌ᠲ᠋ᠠ ᠵᠢ ᠡᠭᠦᠯᠡᠨ ᠲᠠᠪᠴᠠᠩ᠎ᠳᠤ ᠭᠠᠷᠭ᠋ᠠᠬᠤ ᠵᠢ ᠠᠬᠢᠭᠤᠯᠵᠤ᠂ ᠬᠣᠯᠪᠣᠯᠳᠤᠨ ᠨᠡᠪᠲᠡᠷᠡᠯᠴᠡᠬᠦ ᠵᠢ ᠪᠡᠶᠡᠯᠡᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ 《ᠭᠦᠢ᠍ᠴᠡᠳᠬᠡᠵᠦ ᠳᠡᠢ᠌ᠯᠭᠦ》᠎ᠠᠴᠠ 《ᠲᠦᠷᠭᠡᠨ ᠭᠦᠢ᠍ᠴᠡᠳᠬᠡᠬᠦ᠂ ᠠᠮᠠᠷᠬᠠᠨ ᠭᠦᠢ᠍ᠴᠡᠳᠬᠡᠬᠦ᠂ ᠰᠠᠢ᠌ᠲᠤᠷ ᠭᠦᠢ᠍ᠴᠡᠳᠬᠡᠬᠦ》 ᠲᠡᠢ᠌ᠰᠢ ᠬᠤᠪᠢᠷᠠᠭᠤᠯᠬᠤ ᠵᠢ ᠠᠬᠢᠭᠤᠯᠬᠤ ᠬᠡᠷᠡᠭᠲᠡᠢ᠃ ᠳ᠋ᠠᠢ᠌ᠲ᠋ᠠ ᠵᠢᠨ ᠠᠮᠤᠷ ᠲᠦᠪᠰᠢᠨ᠎ᠤ ᠰᠡᠷᠭᠡᠢ᠌ᠯᠡᠨ ᠡᠵᠡᠮᠳᠡᠬᠦ ᠲᠣᠭᠲᠠᠴᠠ ᠵᠢ ᠪᠦᠷᠢᠨᠰᠢᠭᠦᠯᠵᠦ᠂ ᠬᠠᠯᠳᠠᠨ ᠣᠷᠣᠬᠤ ᠵᠢ ᠰᠡᠷᠭᠡᠢ᠌ᠯᠡᠵᠦ᠂ ᠬᠤᠯᠠᠭ᠋ᠠᠢ᠌ᠯᠠᠨ ᠠᠪᠬᠤ ᠵᠢ ᠰᠡᠷᠭᠡᠢ᠌ᠯᠡᠵᠦ᠂ ᠨᠢᠭᠤᠴᠠ ᠵᠢ ᠵᠠᠳᠠᠷᠠᠭᠤᠯᠬᠤ ᠵᠢ ᠰᠡᠷᠭᠡᠢ᠌ᠯᠡᠵᠦ᠂ ᠳ᠋ᠠᠢ᠌ᠲ᠋ᠠ ᠵᠢᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃

ᠪᠦᠦ ᠰᠢᠶᠠᠨ ᠬᠤᠸᠠ ᠠᠵᠢᠯᠯᠠᠭ᠎ᠠ᠎ᠳᠤ ᠣᠷᠣᠯᠴᠠᠵᠠᠢ᠃


ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map