ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠰᠡᠷᠡᠮᠵᠢᠯᠡᠭᠦᠯᠭᠦ ᠬᠥᠮᠦᠵᠢᠯ᠎ᠤᠨ ᠬᠤᠷᠠᠯ ᠬᠤᠷᠠᠯᠳᠤᠭᠤᠯᠪᠠ ᠰᠦᠨ ᠱᠤᠤ ᠴᠧᠩ ᠬᠤᠷᠠᠯ᠎ᠢ ᠡᠷᠭᠢᠯᠡᠭᠰᠡᠨ ᠪᠥᠭᠡᠳ ᠰᠠᠬᠢᠯᠭ᠎ᠠ ᠪᠠᠲᠤ ᠰᠤᠷᠲᠠᠯ᠎ᠤᠨ ᠨᠠᠮ᠎ᠤᠨ ᠬᠢᠴᠢᠶᠡᠯ ᠣᠷᠣᠪᠠ ᠸᠠᠩ ᠯᠢ ᠰᠢᠶᠠ ᠵᠠᠩ ᠶᠠᠨ ᠺᠦᠨ ᠣᠷᠣᠯᠴᠠᠵᠠᠢ
ᠨᠡᠶ᠋ᠢᠲᠡᠯᠡᠭᠰᠡᠨ ᠴᠠᠭ᠄ 2025-05-26

      5 ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠰᠡᠷᠡᠮᠵᠢᠯᠡᠭᠦᠯᠭᠦ ᠬᠥᠮᠦᠵᠢᠯ᠎ᠤᠨ ᠬᠤᠷᠠᠯ ᠭᠦᠭᠡᠬᠣᠲᠠ᠎ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠭᠰᠡᠨ ᠪᠥᠭᠡᠳ ᠰᠠᠬᠢᠯᠭ᠎ᠠ ᠪᠠᠲᠤ ᠰᠤᠷᠲᠠᠯ᠎ᠤᠨ ᠨᠠᠮ᠎ᠤᠨ ᠬᠢᠴᠢᠶᠡᠯ ᠣᠷᠣᠪᠠ᠃

自治区党委召开深入贯彻中央八项规定精神学习教育警示教育会孙绍骋主持并讲纪律作风党课 王莉霞张延昆出席1.jpg自治区党委召开深入贯彻中央八项规定精神学习教育警示教育会孙绍骋主持并讲纪律作风党课 王莉霞张延昆出席2.jpg

      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ ᠵᠢᠨ ᠵᠥᠪᠯᠡᠯᠭᠡᠨ᠎ᠤ ᠤᠳᠤᠷᠢᠳᠬᠤ ᠨᠥᠬᠥᠳ᠂ ᠰᠢᠭᠦᠬᠦ ᠬᠣᠷᠢᠶ᠎ᠠ ᠪᠠᠢ᠌ᠴᠠᠭ᠋ᠠᠬᠤ ᠬᠣᠷᠢᠶ᠎ᠠ ᠵᠢᠨ ᠳᠠᠷᠤᠭ᠎ᠠ᠂ ᠮᠤᠵᠢ ᠵᠢᠨ ᠲᠠᠰ᠎ᠤᠨ ᠬᠡᠰᠡᠭ ᠠᠵᠢᠯ᠎ᠠᠴᠠ᠎ᠪᠠᠨ ᠠᠮᠠᠷᠠᠭᠰᠠᠨ ᠠᠬᠠᠮᠠᠳ ᠨᠥᠬᠥᠳ ᠬᠤᠷᠠᠯ᠎ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠱᠦᠵᠢ ᠯᠢᠦ ᠱᠤᠸᠠᠩ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠵᠥᠷᠢᠴᠡᠭᠰᠡᠨ ᠠᠰᠠᠭᠤᠳᠠᠯ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠵᠠᠷᠯᠠᠨ ᠮᠡᠳᠡᠭᠳᠡᠪᠡ᠃

      ᠰᠦᠨ ᠱᠤᠤ ᠴᠧᠩ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢᠴᠢ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠪᠠ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ ᠦᠶ᠎ᠡ᠎ᠳᠤ ᠳᠤᠷᠠᠳᠤᠭᠰᠠᠨ ᠰᠤᠷᠲᠠᠯ᠎ᠤᠨ ᠪᠠᠢ᠌ᠭᠤᠯᠤᠯᠲᠠ ᠵᠢᠨ ᠲᠤᠬᠠᠢ ᠴᠢᠬᠤᠯᠠ ᠱᠠᠭ᠋ᠠᠷᠳᠠᠯᠭ᠎ᠠ ᠵᠢ ᠳᠠᠭᠢᠨ ᠡᠷᠭᠢᠴᠡᠭᠦᠯᠪᠡ᠃ ᠲᠡᠷᠡ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ ᠲᠥᠪ᠎ᠤᠨ ᠨᠠᠢ᠍ᠮᠠᠨ ᠲᠣᠭᠲᠠᠭ᠋ᠠᠯ᠎ᠢ ᠲᠣᠭᠲᠠᠭ᠋ᠠᠨ ᠨᠠᠢ᠌ᠳᠠᠪᠤᠷᠢᠵᠢᠭᠤᠯᠬᠤ᠎ᠠᠴᠠ ᠡᠬᠢᠯᠡᠨ ᠠᠰᠠᠭᠤᠳᠠᠯ᠎ᠢ ᠰᠢᠢ᠍ᠳᠪᠦᠷᠢᠯᠡᠵᠦ᠂ ᠰᠤᠷᠲᠠᠯ᠎ᠤᠨ ᠪᠠᠢ᠌ᠭᠤᠯᠤᠯᠲᠠ ᠵᠢ ᠴᠢᠩᠭ᠎ᠠ ᠠᠳᠬᠤᠵᠤ᠂ ᠨᠠᠮ᠎ᠤᠨ ᠰᠤᠷᠲᠠᠯ ᠵᠠᠰᠠᠭ᠎ᠤᠨ ᠰᠤᠷᠲᠠᠯ ᠨᠡᠢ᠌ᠭᠡᠮ᠎ᠤᠨ ᠰᠤᠷᠲᠠᠯ ᠴᠣ᠋ ᠰᠢᠨ᠎ᠡ ᠪᠠᠢ᠌ᠳᠠᠯ᠎ᠲᠠᠢ ᠪᠣᠯᠵᠤ᠂ ᠨᠠᠮ᠎ᠤᠨ ᠰᠡᠳᠬᠢᠯ ᠴᠡᠷᠢᠭ᠎ᠤᠨ ᠰᠡᠳᠬᠢᠯ ᠠᠷᠠᠳ᠎ᠤᠨ ᠰᠡᠳᠬᠢᠯ ᠳᠡᠭᠡᠳᠦ ᠬᠡᠮᠵᠢᠶ᠎ᠡ᠎ᠪᠠᠷ ᠨᠢᠭᠲᠠᠷᠠᠵᠤ᠂ ᠨᠠᠢ᠍ᠮᠠᠨ ᠲᠣᠭᠲᠠᠭ᠋ᠠᠯ᠎ᠨᠢ ᠨᠢᠭᠡᠨᠲᠡ ᠰᠢᠨ᠎ᠡ ᠴᠠᠭ ᠦᠶ᠎ᠡ ᠵᠢᠨ ᠨᠠᠮ᠎ᠢ ᠬᠠᠮᠢᠶᠠᠷᠴᠤ ᠨᠠᠮ᠎ᠢ ᠵᠠᠰᠠᠬᠤ 《ᠰᠢᠵᠢᠷ ᠠᠯᠲᠠᠨ ᠨᠡᠷ᠎ᠡ ᠵᠢᠨ ᠬᠠᠭᠤᠳᠠᠰᠤ》 ᠪᠣᠯᠵᠠᠢ᠃ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠰᠤᠷᠤᠯᠴᠠᠯᠭ᠎ᠠ᠎ᠪᠠᠷ ᠰᠤᠷᠲᠠᠯ᠎ᠢ ᠲᠥᠪ ᠪᠤᠯᠭ᠋ᠠᠬᠤ ᠵᠢᠨ ᠭᠦᠨᠵᠡᠭᠡᠢ ᠠᠭᠤᠯᠬᠤᠨ᠎ᠢ ᠰᠢᠰᠲ᠋ᠧᠮ᠎ᠲᠠᠢ ᠲᠣᠳᠣᠷᠬᠠᠢ᠌ᠯᠠᠨ ᠥᠭᠦᠯᠡᠪᠡ᠂ ᠪᠢᠳᠡ ᠡᠷᠬᠡᠪᠰᠢ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭ᠋ᠠᠷᠳᠠᠯᠭ᠎ᠠ᠂ ᠨᠠᠩ ᠪᠣᠳᠠᠲᠠᠢ ᠠᠷᠭ᠎ᠠ ᠬᠡᠮᠵᠢᠶ᠎ᠡ᠎ᠪᠠᠷ ᠰᠤᠷᠤᠯᠴᠠᠨ ᠣᠢ᠌ᠯᠠᠭ᠋ᠠᠬᠤ ᠪᠠ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠬᠤ ᠬᠡᠷᠡᠭᠲᠡᠢ ᠭᠡᠪᠡ᠃

      ᠳᠠᠷᠠᠭ᠎ᠠ᠎ᠨᠢ᠂ ᠰᠦᠨ ᠱᠤᠤ ᠴᠧᠩ ᠰᠠᠬᠢᠯᠭ᠎ᠠ ᠪᠠᠲᠤ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠪᠡᠶ᠎ᠡ ᠴᠣᠭᠴᠠᠰ᠎ᠤᠨ ᠡᠷᠡᠭᠦᠯ ᠮᠡᠨᠳᠦ ᠪᠠ ᠨᠠᠮ᠎ᠤᠨ ᠭᠡᠰᠢᠭᠦᠨ ᠺᠠᠳ᠋ᠷ᠎ᠤᠨ 《ᠪᠡᠶ᠎ᠡ ᠮᠠᠬᠠᠪᠤᠳ》᠎ᠤᠨ ᠡᠷᠡᠭᠦᠯ ᠮᠡᠨᠳᠦ ᠵᠢ ᠬᠠᠮᠠᠭ᠋ᠠᠯᠠᠬᠤ ᠵᠢᠨ ᠲᠣᠭᠣᠷᠢᠨ᠎ᠳᠤ ᠱᠠᠭ᠋ᠠᠷᠳᠠᠯᠭ᠎ᠠ ᠳᠤᠷᠠᠳᠴᠠᠢ᠃ ᠲᠡᠷᠡ᠂ ᠡᠷᠡᠭᠦᠯ ᠮᠡᠨᠳᠦ ᠪᠠᠢ᠌ᠬᠤ ᠵᠢ ᠪᠠᠲᠤᠯᠠᠬᠤ᠎ᠳᠤ ᠡᠷᠬᠡᠪᠰᠢ ᠥᠩᠭᠡᠨ ᠲᠠᠯ᠎ᠠ ᠪᠠ ᠦᠨᠳᠦᠰᠦᠨ᠎ᠠᠴᠠ᠎ᠨᠢ ᠵᠡᠷᠭᠡ᠎ᠪᠠᠷ ᠵᠠᠰᠠᠵᠤ᠂ ᠰᠢᠰᠲ᠋ᠧᠮ᠎ᠲᠠᠢ ᠵᠣᠬᠢᠴᠠᠭᠤᠯᠤᠨ ᠲᠣᠬᠢᠷᠠᠭᠤᠯᠵᠤ᠂ ᠣᠷᠣᠢ᠎ᠠᠴᠠ᠎ᠨᠢ ᠤᠯᠠ᠎ᠳᠤᠨᠢ ᠲᠤᠯᠲᠠᠯ᠎ᠠ ᠡᠪᠡᠳᠴᠢᠨ᠎ᠢ᠎ᠨᠢ ᠠᠷᠢᠯᠭ᠋ᠠᠵᠤ ᠪᠡᠶ᠎ᠡ ᠵᠢ᠎ᠨᠢ ᠴᠢᠭᠢᠷᠠᠭᠵᠢᠭᠤᠯᠬᠤ ᠬᠡᠷᠡᠭᠲᠡᠢ᠃ ᠨᠢᠭᠡ᠎ᠳᠤ᠂ ᠲᠠᠷᠢᠬᠢ ᠲᠣᠯᠣᠭ᠋ᠠᠢ᠎ᠪᠠᠨ ᠪᠠᠢ᠌ᠩᠭᠤ ᠴᠢᠭᠢᠷᠠᠭ ᠪᠠᠢ᠌ᠯᠭ᠋ᠠᠵᠤ᠂ ᠰᠢᠨᠵᠢᠯᠡᠬᠦ ᠤᠬᠠᠭ᠋ᠠᠨᠴᠢ ᠤᠨᠤᠯ ᠵᠶ᠋ᠠᠷ ᠲᠠᠷᠢᠬᠢ ᠲᠣᠯᠣᠭ᠋ᠠᠢ᠎ᠪᠠᠨ ᠵᠡᠪᠰᠡᠭᠯᠡᠬᠦ ᠵᠢ ᠪᠠᠷᠢᠮᠲᠠᠯᠠᠵᠤ᠂ 《ᠲᠠᠷᠢᠬᠢ ᠲᠣᠯᠣᠭ᠋ᠠᠢ᠎ᠳᠤ ᠭᠠᠵᠢᠭᠤ ᠪᠤᠷᠤᠭᠤ ᠪᠤᠳᠤᠯ ᠣᠷᠣᠬᠤ》᠎ᠠᠴᠠ ᠪᠣᠯᠵᠤ 《ᠰᠤᠷᠲᠠᠯ᠎ᠤᠨ ᠲᠠᠯ᠎ᠠ᠎ᠪᠠᠷ ᠠᠰᠠᠭᠤᠳᠠᠯ ᠭᠠᠷᠬᠤ》᠎ᠠᠴᠠ ᠰᠡᠷᠭᠡᠢ᠌ᠯᠡᠬᠦ ᠬᠡᠷᠡᠭᠲᠡᠢ᠃ ᠬᠣᠶᠠᠷ᠎ᠲᠤ᠂ ᠰᠡᠳᠬᠢᠯ ᠵᠶ᠋ᠡᠨ ᠵᠠᠰᠠᠬᠤ ᠵᠢ ᠪᠠᠢ᠌ᠩᠭᠤ ᠬᠢᠴᠢᠶᠡᠵᠦ᠂ ᠠᠷᠠᠳ ᠲᠦᠮᠡᠨ ᠵᠶ᠋ᠡᠷ ᠭᠣᠣᠯ ᠪᠤᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠲᠤ ᠪᠤᠢ ᠪᠤᠯᠭ᠋ᠠᠵᠤ᠂ ᠤᠭ ᠰᠠᠨᠠᠭ᠎ᠠ᠎ᠪᠠᠨ ᠦᠯᠦ ᠮᠠᠷᠲᠠᠨ᠂ ᠰᠡᠳᠬᠢᠯ ᠵᠢᠡᠷ ᠵᠢᠡᠨ ᠰᠡᠳᠬᠢᠯ᠎ᠢ ᠰᠣᠯᠢᠵᠤ᠂ ᠤᠯᠠᠨ ᠲᠦᠮᠡᠨ᠎ᠤ ᠪᠠᠢ᠌ᠷᠢ᠎ᠳᠤ ᠵᠣᠭᠰᠣᠵᠤ ᠲᠡᠳᠡᠨ᠎ᠤ ᠪᠤᠳᠤᠵᠥ ᠪᠠᠢ᠌ᠭ᠎ᠠ ᠵᠦᠢ᠍ᠯ᠎ᠢ ᠪᠤᠳᠤᠵᠥ᠂ ᠤᠯᠠᠨ ᠲᠦᠮᠡᠨ᠎ᠤ ᠪᠠᠴᠢᠮᠳᠠᠵᠤ ᠪᠠᠢ᠌ᠭ᠎ᠠ ᠵᠦᠢ᠍ᠯ᠎ᠳᠤ ᠪᠠᠴᠢᠮᠳᠠᠬᠤ ᠬᠡᠷᠡᠭᠲᠡᠢ᠃ ᠭᠤᠷᠪᠠ᠎ᠳᠤ᠂ ᠠᠮᠠ᠎ᠪᠠᠨ ᠰᠠᠢ᠌ᠲᠤᠷ ᠬᠠᠮᠢᠶᠠᠷᠴᠤ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠡᠷᠡᠰ ᠲᠡᠪᠴᠢᠵᠦ᠂ ᠶᠠᠭ᠋ᠠᠬᠢᠭᠰᠠᠨ ᠴᠤ᠌ 《ᠬᠥᠮᠥᠨ᠎ᠤ ᠶᠠᠭᠤᠮ᠎ᠠ ᠵᠢ ᠢᠳᠡᠭᠰᠡᠨ ᠬᠥᠮᠥᠨ᠎ᠤ ᠬᠣᠩᠰᠢᠶᠠᠷ᠎ᠨᠢ ᠵᠥᠭᠡᠯᠡᠨ》 ᠪᠠᠢ᠌ᠬᠤ ᠳᠤᠮᠳᠠ ᠥᠪᠡᠷ᠎ᠢ᠎ᠪᠠᠨ ᠲᠥᠭᠡᠷᠢᠭᠳᠡᠭᠦᠯᠵᠦ᠂ ᠬᠣᠷᠢᠭ᠎ᠠ ᠱᠤᠭᠤᠮ ᠵᠶ᠋ᠠᠨ ᠠᠯᠳᠠᠵᠤ ᠪᠤᠯᠬᠤ ᠦᠭᠡᠢ᠃ ᠳᠥᠷᠪᠡ᠎ᠳᠤ᠂ ᠭᠠᠷ ᠵᠶ᠋ᠠᠨ ᠲᠠᠲᠠᠵᠤ᠂ ᠨᠠᠢ᠌ᠷ ᠲᠠᠯ᠎ᠠ᠂ ᠬᠠᠷᠢᠯᠴᠠᠭ᠎ᠠ ᠶᠠᠪᠤᠯᠴᠠᠭ᠋ᠠᠨ᠎ᠤ ᠪᠣᠭᠣᠮᠲᠠ ᠵᠢ ᠰᠠᠢ᠌ᠲᠤᠷ ᠰᠠᠬᠢᠬᠤ ᠬᠡᠷᠡᠭᠲᠡᠢ᠂ ᠶᠠᠭ᠋ᠠᠬᠢᠭᠰᠠᠨ ᠴᠤ᠌ ᠬᠠᠷᠢᠯᠴᠠᠨ ᠶᠠᠪᠤᠯᠴᠠᠬᠤ ᠳᠤᠮᠳᠠ 《ᠥᠴᠥᠬᠡᠨ ᠰᠡᠳᠬᠢᠯ》 ᠭᠦᠢ᠍ᠴᠡᠳᠬᠡᠬᠦ᠎ᠠᠴᠠ ᠪᠣᠯᠵᠤ 《ᠭᠦᠨ ᠨᠦᠭᠡᠨ》᠎ᠳᠤ ᠤᠨᠠᠵᠤ ᠪᠤᠯᠬᠤ ᠦᠭᠡᠢ᠃ ᠲᠠᠯᠪᠢᠬᠤ ᠶᠣᠰᠣᠲᠠᠢ ᠡᠷᠬᠡ ᠵᠢ ᠳᠣᠷᠣᠭᠰᠢ ᠲᠠᠯᠪᠢᠵᠤ᠂ ᠢᠯᠡ ᠪᠤᠯᠭ᠋ᠠᠬᠤ ᠶᠣᠰᠣᠲᠠᠢ ᠤᠴᠢᠷ ᠶᠠᠪᠤᠳᠠᠯ᠎ᠢ ᠢᠯᠡ ᠪᠤᠯᠭ᠋ᠠᠵᠤ᠂ 《ᠶᠠᠭᠤᠮ᠎ᠠ ᠬᠦᠷᠭᠡᠬᠦ ᠪᠤᠳᠤᠯ᠎ᠲᠠᠢ ᠬᠥᠮᠥᠨ》᠎ᠢ ᠬᠦᠷᠭᠡᠬᠦ ᠵᠣᠷᠢᠭ ᠦᠭᠡᠢ ᠪᠤᠯᠭ᠋ᠠᠵᠤ᠂ 《ᠠᠪᠬᠤ ᠬᠥᠮᠥᠨ》᠎ᠢ ᠭᠠᠷ ᠰᠤᠩᠭ᠋ᠠᠬᠤ ᠲᠣᠭᠢᠶᠠᠯ ᠦᠭᠡᠢ ᠪᠤᠯᠭ᠋ᠠᠬᠤ ᠬᠡᠷᠡᠭᠲᠡᠢ᠃ ᠲᠠᠪᠤ᠎ᠳᠤ᠂ ᠡᠯᠳᠡᠪ᠎ᠤᠨ ᠡᠮᠢᠶᠡᠯ ᠰᠠᠨᠠᠭ᠋ᠠᠰᠢᠷᠠᠯ᠎ᠢ ᠲᠡᠪᠴᠢᠨ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠢ ᠭᠦᠢ᠍ᠴᠡᠳᠬᠡᠵᠦ᠂ ᠮᠣᠩᠭᠣᠯ ᠮᠣᠷᠢ ᠰᠢᠭ᠋ ᠴᠤᠴᠠᠯᠲᠠ ᠦᠭᠡᠢ ᠲᠡᠮᠡᠦᠯᠵᠦ᠂ ᠨᠣᠮᠣᠬᠠᠨ ᠱᠠᠷ ᠰᠢᠭ᠋ ᠰᠢᠷᠭ᠋ᠠᠭᠤ ᠬᠠᠲᠠᠭᠤᠵᠢᠯᠲᠠᠢ ᠠᠵᠢᠯᠯᠠᠬᠤ ᠬᠡᠷᠡᠭᠲᠡᠢ ᠭᠡᠪᠡ᠃

      ᠰᠦᠨ ᠱᠤᠤ ᠴᠧᠩ᠂ 《ᠪᠡᠶ᠎ᠡ ᠮᠠᠬᠠᠪᠤᠳ》᠎ᠤᠨ ᠡᠷᠡᠭᠦᠯ ᠮᠡᠨᠳᠦ ᠵᠢ ᠪᠠᠲᠤᠯᠠᠬᠤ᠎ᠳᠤ ᠪᠠᠰᠠ 《ᠭᠡᠷ ᠪᠦᠯᠢ ᠵᠢᠨ ᠡᠷᠡᠭᠦᠯ ᠬᠠᠮᠠᠭ᠋ᠠᠯᠠᠯ》᠎ᠢ ᠰᠠᠢ᠌ᠲᠤᠷ ᠬᠠᠮᠢᠶᠠᠷᠴᠤ᠂ ᠭᠡᠷ᠎ᠤᠨ ᠬᠥᠮᠥᠰ ᠵᠶ᠋ᠡᠨ ᠴᠢᠩᠭ᠎ᠠ ᠱᠠᠭ᠋ᠠᠷᠳᠠᠬᠤ ᠬᠡᠷᠡᠭᠲᠡᠢ᠃ 《ᠳᠡᠷᠭᠡᠳᠡᠬᠢ ᠣᠷᠴᠢᠨ ᠲᠣᠭᠣᠷᠢᠨ》 ᠵᠶ᠋ᠠᠨ ᠰᠠᠢ᠌ᠲᠤᠷ ᠪᠠᠲᠤᠯᠠᠵᠤ᠂ ᠳᠡᠷᠭᠡᠳᠡᠬᠢ ᠠᠵᠢᠯᠲᠠᠨ᠎ᠤ ᠬᠥᠮᠦᠵᠢᠯ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ 《ᠭᠠᠳᠠᠨ᠎ᠠ᠎ᠠᠴᠠ ᠢᠷᠡᠬᠦ ᠸᠢᠷᠦ᠋ᠰ》᠎ᠢ ᠰᠠᠢ᠌ᠲᠤᠷ ᠲᠤᠰᠠᠭ᠋ᠠᠷᠯᠠᠵᠤ᠂ ᠨᠡᠢ᠌ᠭᠡᠮ᠎ᠤᠨ ᠬᠠᠷᠢᠯᠴᠠᠭ᠋ᠠᠨ᠎ᠤ ᠲᠣᠭᠣᠷᠢᠭ᠂ ᠠᠮᠢᠳᠤᠷᠠᠯ᠎ᠤᠨ ᠲᠣᠭᠣᠷᠢᠭ᠂ ᠨᠠᠢ᠌ᠵᠠ ᠵᠢᠨ ᠲᠣᠭᠣᠷᠢᠭ ᠵᠶ᠋ᠡᠨ ᠲᠠᠰᠤᠷᠠᠯᠳᠠ ᠦᠭᠡᠢ ᠴᠡᠪᠡᠷᠰᠢᠭᠦᠯᠬᠦ ᠬᠡᠷᠡᠭᠲᠡᠢ᠃ 《ᠤᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ》᠎ᠢ ᠰᠠᠢ᠌ᠲᠤᠷ ᠬᠠᠮᠠᠭ᠋ᠠᠯᠠᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ ᠪᠣᠯᠣᠨ 《ᠨᠢᠭᠡ ᠠᠵᠢᠯ᠎ᠤᠨ ᠪᠠᠢ᠌ᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ》 ᠵᠢ ᠴᠢᠩᠭ᠎ᠠ ᠭᠦᠢ᠍ᠴᠡᠳᠬᠡᠵᠦ᠂ ᠥᠪᠡᠷ᠎ᠤᠨ 《ᠬᠠᠷᠢᠭᠤᠴᠠᠯᠭ᠎ᠠ ᠵᠢᠨ ᠣᠷᠣᠨ》 ᠵᠶ᠋ᠠᠨ ᠰᠠᠢ᠌ᠲᠤᠷ ᠬᠠᠮᠢᠶᠠᠷᠴᠤ ᠬᠠᠮᠠᠭ᠋ᠠᠯᠠᠬᠤ ᠬᠡᠷᠡᠭᠲᠡᠢ᠃ 《ᠪᠡᠶ᠎ᠡ ᠵᠢᠨ ᠪᠠᠢ᠌ᠴᠠᠭ᠋ᠠᠯᠲᠠ》 ᠵᠢ ᠨᠠᠷᠢᠨ ᠬᠢᠨᠠᠮᠠᠭ᠋ᠠᠢ ᠰᠠᠢ᠌ᠲᠤᠷ ᠬᠢᠵᠦ᠂ ᠦᠷᠭᠦᠯᠵᠢ ᠰᠠᠬᠢᠯᠭ᠎ᠠ ᠪᠠᠲᠤ ᠶᠣᠰᠣ ᠳᠦᠷᠢᠮ᠎ᠤᠨ 《ᠬᠠᠲᠠᠭᠤ ᠵᠢᠭ᠋ᠠᠯᠲᠠ ᠲᠣᠭ᠎ᠠ》᠎ᠪᠠᠷ ᠥᠪᠡᠷ᠎ᠢ᠎ᠪᠠᠨ ᠰᠢᠷᠪᠢᠵᠦ᠂ ᠳᠡᠷᠭᠡᠳᠡᠬᠢ ᠡᠰᠡᠷᠭᠦ ᠲᠠᠯ᠎ᠠ ᠵᠢᠨ ᠨᠡᠢ᠌ᠲᠡᠯᠢᠭ 《ᠠᠮᠢᠳᠤ ᠵᠢᠭ᠋ᠠᠬᠤ ᠮᠠᠲ᠋ᠧᠷᠢᠶᠠᠯ》᠎ᠲᠠᠢ ᠬᠠᠷᠭᠤᠭᠤᠯᠤᠨ ᠥᠪᠡᠷ᠎ᠢ᠎ᠪᠠᠨ ᠪᠠᠢ᠌ᠴᠠᠭ᠋ᠠᠨ ᠦᠵᠡᠵᠦ᠂ ᠲᠣᠰ ᠪᠡᠶ᠎ᠡ ᠵᠢᠨ 《ᠡᠷᠡᠭᠦᠯ ᠮᠡᠨᠳᠦ ᠵᠢᠨ ᠵᠢᠭ᠋ᠠᠯᠲᠠ ᠲᠣᠭ᠎ᠠ》᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠪᠡ᠃

      ᠬᠤᠷᠠᠯ᠎ᠳᠤ ᠣᠷᠣᠯᠴᠠᠭᠰᠠᠳ ᠬᠠᠮᠲᠤ᠎ᠪᠠᠷ 《ᠳᠡᠯᠭᠡᠴᠡ ᠵᠢᠨ ᠨᠠᠭ᠋ᠠᠨ᠎ᠠ ᠴᠠᠭ᠋ᠠᠨ᠎ᠠ》 ᠭᠡᠬᠦ ᠰᠡᠷᠡᠮᠵᠢᠯᠡᠭᠦᠯᠭᠦ ᠬᠥᠮᠦᠵᠢᠯ᠎ᠤᠨ ᠹᠢᠯᠢᠮ᠎ᠢ ᠰᠣᠨᠢᠷᠬᠠᠪᠠ᠃ ᠬᠤᠷᠠᠯ᠎ᠢ ᠸᠢᠳᠢᠤ᠋ ᠭᠡᠯᠪᠡᠷᠢ᠎ᠪᠠᠷ ᠬᠤᠷᠠᠯᠳᠤᠭᠤᠯᠵᠤ᠂ ᠡᠯ᠎ᠡ ᠠᠢ᠌ᠮᠠᠭ ᠬᠤᠳᠠ ᠪᠣᠯᠣᠨ ᠮᠠᠨᠵᠤᠤᠷ ᠬᠤᠳᠠ᠂ ᠡᠷᠢᠶᠡᠨ ᠬᠤᠳᠠ᠎ᠳᠤ ᠬᠤᠪᠢᠶᠠᠷᠢ ᠬᠤᠷᠠᠯ᠎ᠤᠨ ᠲᠠᠯᠠᠪᠠᠢ ᠲᠣᠬᠢᠷᠠᠭᠤᠯᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map