ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠸᠠᠩ ᠯᠢ ᠰᠢᠶᠠ ᠦᠬᠠᠢ ᠬᠤᠳᠠ᠎ᠳᠤ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ᠎ᠠᠴᠠ ᠵᠠᠷᠯᠠᠨ ᠨᠡᠢ᠌ᠲᠡᠯᠡᠭᠰᠡᠨ ᠨᠡᠢ᠌ᠲᠡᠯᠢᠭ ᠬᠡᠷᠡᠭ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠢ ᠲᠤᠬᠠᠢ ᠵᠢᠨ ᠲᠠᠯᠠᠪᠠᠢ᠎ᠳᠤ ᠬᠢᠨᠠᠨ ᠵᠢᠯᠣᠭᠣᠳᠴᠠᠢ
ᠨᠡᠶ᠋ᠢᠲᠡᠯᠡᠭᠰᠡᠨ ᠴᠠᠭ᠄ 2025-06-26

      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠬᠢᠷᠠᠭᠤᠯᠤᠯᠲᠠ ᠶᠣᠰᠣᠭ᠋ᠠᠷ᠂ 6 ᠰᠠᠷ᠎ᠠ ᠵᠢᠨ 25᠎ᠤ ᠡᠳᠦᠷ᠂ ᠸᠠᠩ ᠯᠢ ᠰᠢᠶᠠ ᠦᠬᠠᠢ ᠬᠤᠳᠠ᠎ᠳᠤ ᠬᠦᠷᠴᠦ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ᠎ᠠᠴᠠ ᠵᠠᠷᠯᠠᠨ ᠨᠡᠢ᠌ᠲᠡᠯᠡᠭᠰᠡᠨ ᠠᠭ᠋ᠠᠷ ᠮᠠᠨᠳᠠᠯ᠎ᠤᠨ ᠪᠣᠬᠢᠷᠳᠤᠯ᠎ᠢ ᠰᠡᠷᠭᠡᠢ᠌ᠯᠡᠨ ᠵᠠᠰᠠᠬᠤ ᠠᠰᠠᠭᠤᠳᠠᠯ᠎ᠤᠨ ᠲᠣᠪᠣᠢ᠌ᠮ᠎ᠠ ᠨᠡᠢ᠌ᠲᠡᠯᠢᠭ ᠬᠡᠷᠡᠭ᠎ᠤᠨ ᠲᠣᠭᠣᠷᠢᠨ᠎ᠳᠤ ᠴᠡᠭᠴᠡᠯᠡᠨ ᠰᠠᠢ᠌ᠵᠢᠷᠠᠭᠤᠯᠬᠤ ᠠᠵᠢᠯ᠎ᠢ ᠲᠤᠬᠠᠢ ᠵᠢᠨ ᠲᠠᠯᠠᠪᠠᠢ᠎ᠳᠤ  ᠬᠢᠨᠠᠨ ᠵᠢᠯᠣᠭᠣᠳᠪᠠ᠃

王莉霞在乌海市现场督导中央生态环境保护督察通报典型案例整改工作1.jpg

      ᠸᠠᠩ ᠯᠢ ᠰᠢᠶᠠ ᠨᠢᠰᠬᠡᠯ᠎ᠠᠴᠠ ᠪᠠᠭᠤᠮᠠᠭᠴᠠ ᠰᠢᠭᠤᠳ ᠰᠢᠨ ᠬᠤᠸᠠ ᠺᠠᠢ ᠶᠠᠨ ᠴᠧᠩ ᠨᠡᠭᠦᠷᠡᠰᠦ ᠬᠡᠦᠷᠰᠢᠭᠦᠯᠬᠦ ᠺᠤᠮᠫᠠᠨᠢ᠎ᠳᠤ ᠬᠦᠷᠴᠦ᠂ ᠭᠡᠳᠤ ᠳᠣᠣᠷ᠎ᠠ ᠭᠠᠳᠠᠭᠰᠢᠯᠠᠭᠤᠯᠬᠤ ᠪᠣᠯᠭ᠋ᠠᠨ ᠥᠭᠡᠷᠡᠴᠢᠯᠡᠬᠦ ᠠᠬᠢᠴᠠ ᠵᠢ ᠤᠳᠠᠭ᠋ᠠᠰᠢᠷᠠᠭᠤᠯᠤᠭᠰᠠᠨ᠂ ᠬᠠᠤᠯᠢ᠎ᠠᠴᠠ ᠵᠥᠷᠢᠴᠡᠨ ᠪᠣᠬᠢᠷ ᠪᠣᠳᠠᠰ ᠭᠠᠳᠠᠭᠰᠢᠯᠠᠭᠤᠯᠤᠭᠰᠠᠨ᠂ ᠬᠤᠮᠠᠬᠢ ᠲᠣᠭᠣᠰᠣᠨ᠎ᠤ ᠪᠣᠬᠢᠷᠳᠤᠯ᠎ᠤᠨ ᠭᠡᠮ ᠰᠣᠭᠣᠭ ᠵᠡᠷᠭᠡ ᠠᠰᠠᠭᠤᠳᠠᠯ᠎ᠤᠨ ᠪᠠᠢ᠌ᠳᠠᠯ᠎ᠢ ᠲᠤᠬᠠᠢ ᠵᠢᠨ ᠲᠠᠯᠠᠪᠠᠢ᠎ᠳᠤ ᠪᠠᠢ᠌ᠴᠠᠭ᠋ᠠᠨ ᠦᠵᠡᠵᠦ᠂ ᠲᠠᠰᠢᠷᠠᠮ ᠵᠶ᠋ᠠᠷ ᠠᠵᠤ ᠠᠬᠤᠢ᠌ᠯᠠᠯ᠎ᠤᠨ ᠪᠣᠬᠢᠷ ᠤᠰᠤᠨ᠎ᠤ ᠴᠥᠭᠦᠷᠥᠮ᠎ᠳᠤ ᠬᠦᠷᠴᠦ ᠦᠯᠢᠭᠡᠷ ᠠᠪᠴᠤ᠂ ᠤᠰᠤᠨ᠎ᠤ ᠴᠢᠨᠠᠷ᠎ᠢ ᠬᠢᠨᠠᠨ ᠬᠡᠮᠵᠢᠬᠦ ᠲᠥᠬᠦᠭᠡᠷᠦᠮᠵᠢ ᠵᠢ ᠪᠠᠢ᠌ᠴᠠᠭ᠋ᠠᠨ ᠦᠵᠡᠵᠦ᠂ ᠠᠵᠤ ᠠᠬᠤᠢ᠌ᠯᠠᠯ ᠪᠣᠯᠣᠨ ᠲᠤᠬᠠᠢ ᠵᠢᠨ ᠭᠠᠵᠠᠷ᠎ᠤᠨ ᠬᠠᠷᠢᠭᠤᠴᠠᠯᠭ᠋ᠠᠲᠠᠨ᠎ᠠᠴᠠ ᠪᠠᠷᠢᠯᠭ᠎ᠠ ᠵᠢᠨ ᠠᠬᠢᠴᠠ ᠶᠠᠭ᠋ᠠᠬᠢᠭ᠋ᠠᠳ ᠤᠳᠠᠭ᠋ᠠᠨ ᠪᠠᠢ᠌ᠬᠤ? ᠪᠠᠷᠢᠯᠭ᠎ᠠ ᠵᠢᠨ ᠭᠠᠵᠠᠷ᠎ᠤᠨ ᠬᠠᠮᠢᠶᠠᠷᠤᠯᠲᠠ ᠶᠠᠭ᠋ᠠᠬᠢᠭ᠋ᠠᠳ ᠵᠢᠷᠤᠮᠵᠢᠩᠭᠤᠢ ᠪᠤᠰᠤ ᠪᠠᠢ᠌ᠬᠤ? ᠶᠠᠭ᠋ᠠᠬᠢᠭ᠋ᠠᠳ ᠣᠯᠠᠨᠲᠠ ᠲᠣᠷᠭ᠋ᠠᠪᠠᠴᠤ ᠤᠳᠠᠭ᠎ᠠ ᠳᠠᠷᠠᠭ᠋ᠠᠯᠠᠨ ᠲᠣᠭᠲᠠᠭ᠋ᠠᠯ᠎ᠠᠴᠠ ᠵᠥᠷᠢᠴᠡᠳᠡᠭ ᠪᠤᠢ? ᠭᠡᠵᠦ ᠠᠰᠠᠭᠤᠪᠠ᠃ ᠲᠡᠷᠡ᠂ ᠠᠰᠠᠭᠤᠳᠠᠯ ᠭᠠᠷᠤᠭᠰᠠᠨ᠎ᠨᠢ ᠳᠠᠷᠤᠢ ᠠᠮᠢ ᠠᠬᠤᠢ ᠣᠷᠴᠢᠨ ᠲᠣᠭᠣᠷᠢᠨ᠎ᠢ ᠪᠢᠰᠢᠷᠡᠨ ᠵᠢᠷᠦᠬᠡᠰᠢᠶᠡᠬᠦ ᠦᠭᠡᠢ᠂ ᠵᠢᠷᠤᠮᠵᠢᠭᠤᠯᠤᠭᠰᠠᠨ ᠲᠣᠭᠲᠠᠭ᠋ᠠᠯ᠎ᠢ ᠬᠡᠷᠡᠭᠵᠢᠭᠦᠯᠬᠦ ᠦᠭᠡᠢ᠂ ᠬᠢᠨᠠᠨ ᠬᠠᠮᠢᠶᠠᠷᠬᠤ ᠬᠠᠷᠢᠭᠤᠴᠠᠯᠭ᠎ᠠ ᠬᠣᠭᠣᠰᠤᠨ ᠪᠠᠢ᠌ᠬᠤ᠂ ᠡᠳᠦᠷ ᠲᠤᠲᠤᠮ᠎ᠤᠨ ᠬᠠᠮᠢᠶᠠᠷᠤᠯᠲᠠ᠎ᠳᠤ ᠰᠡᠳᠬᠢᠯ ᠲᠠᠯᠪᠢᠬᠤ ᠦᠭᠡᠢ ᠪᠠᠢ᠌ᠬᠤ᠎ᠠᠴᠠ ᠪᠣᠯᠤᠭᠰᠠᠨ ᠶᠤᠮ᠃ ᠬᠡᠨ ᠠᠰᠠᠭᠤᠳᠠᠯ᠎ᠢ ᠢᠯᠡᠷᠡᠭᠦᠯᠬᠦ᠂ ᠬᠡᠨ ᠠᠰᠠᠭᠤᠳᠠᠯ᠎ᠢ ᠰᠢᠢ᠍ᠳᠪᠦᠷᠢᠯᠡᠬᠦ ᠵᠢᠨ ᠲᠣᠭᠣᠷᠢᠨ᠎ᠳᠤ ᠠᠵᠤ ᠠᠬᠤᠢ᠌ᠯᠠᠯ᠂ ᠬᠠᠮᠢᠶᠠᠷᠤᠯᠲᠠ ᠵᠢᠨ ᠵᠥᠪᠯᠡᠯ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠪᠢᠲᠡᠭᠦᠦ ᠭᠣᠭᠴᠣᠭ᠋ᠠᠲᠤ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠬᠤ ᠠᠵᠢᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠢ᠃ ᠬᠣᠲᠠ᠂ ᠲᠣᠭᠣᠷᠢᠭ ᠬᠣᠶᠠᠷ ᠱᠠᠲᠤᠨ᠎ᠤ᠎ᠬᠢᠨ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠵᠦ᠂ ᠬᠢᠨᠠᠨ ᠬᠠᠮᠢᠶᠠᠷᠬᠤ᠎ᠳᠠᠭᠠᠨ 《ᠬᠤᠷᠴᠠ ᠢᠷ᠎ᠲᠠᠢ》 ᠪᠠᠢ᠌ᠵᠤ᠂ ᠲᠤᠬᠠᠢ ᠵᠢᠨ ᠭᠠᠵᠠᠷ ᠠᠬᠤᠢ ᠲᠠᠯᠠᠪᠠᠢ᠎ᠳᠤ ᠣᠴᠢᠵᠤ ᠠᠯᠪᠠᠯᠠᠬᠤ ᠬᠡᠷᠡᠭᠲᠡᠢ᠂ ᠮᠡᠳᠡᠭᠦᠯᠦᠯᠲᠡ ᠵᠢ ᠦᠵᠡᠵᠦ᠂ ᠬᠠᠷᠢᠭᠤ ᠮᠡᠳᠡᠭᠦᠯᠦᠯᠲᠡ ᠵᠢ ᠰᠣᠨᠣᠰᠤᠭ᠋ᠠᠳ ᠯᠡ ᠰᠡᠳᠬᠢᠯ ᠬᠠᠨᠤᠵᠤ ᠪᠤᠯᠬᠤ ᠦᠭᠡᠢ᠃ ᠠᠵᠤ ᠠᠬᠤᠢ᠌ᠯᠠᠯ᠎ᠤᠨ᠎ᠬᠢᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠴᠢᠩᠭ᠎ᠠ ᠨᠠᠢ᠌ᠳᠠᠪᠤᠷᠢᠵᠢᠭᠤᠯᠵᠤ᠂ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ᠎ᠪᠠᠨ ᠪᠣᠳᠠᠲᠠᠢ᠌ᠵᠢᠭᠤᠯᠵᠤ᠂ ᠭᠡᠲᠦ ᠳᠣᠣᠷ᠎ᠠ ᠭᠠᠳᠠᠭᠰᠢᠯᠠᠭᠤᠯᠬᠤ ᠪᠣᠯᠭ᠋ᠠᠨ ᠥᠭᠡᠷᠡᠴᠢᠯᠡᠬᠦ ᠢᠨᠵᠧᠨᠧᠷᠢᠩ᠎ᠢ 10 ᠰᠠᠷ᠎ᠠ ᠵᠢᠨ ᠡᠴᠦᠰ᠎ᠠᠴᠠ ᠡᠮᠦᠨ᠎ᠡ ᠳᠠᠭᠤᠰᠬᠠᠬᠤ ᠵᠢ ᠦᠨᠡᠨᠬᠦ  ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

王莉霞在乌海市现场督导中央生态环境保护督察通报典型案例整改工作2.jpg

      ᠵᠠᠷᠯᠠᠯ᠎ᠳᠤ᠂ ᠬᠤᠸᠠ ᠰᠢᠨ ᠨᠡᠭᠦᠷᠡᠰᠦ ᠬᠡᠦᠷᠰᠢᠭᠦᠯᠬᠦ ᠺᠤᠮᠫᠠᠨᠢ᠎ᠳᠤ ᠠᠵᠤ ᠦᠢ᠍ᠯᠡᠰ᠎ᠢ ᠳᠡᠰ ᠳᠡᠪᠰᠢᠭᠦᠯᠬᠦ ᠥᠭᠡᠷᠡᠴᠢᠯᠡᠯᠲᠡ ᠤᠳᠠᠭ᠋ᠠᠰᠢᠷᠠᠭᠰᠠᠨ᠂ ᠪᠣᠬᠢᠷ ᠪᠣᠳᠠᠰ ᠪᠠᠷᠢᠮᠵᠢᠶ᠎ᠠ᠎ᠠᠴᠠ ᠬᠡᠲᠦᠷᠡᠭᠰᠡᠨ ᠪᠠ ᠬᠠᠶᠠᠭᠳᠠᠮᠠᠯ ᠬᠡᠢ ᠵᠢ ᠵᠣᠬᠢᠶᠠᠨ ᠪᠠᠢ᠌ᠭᠤᠯᠤᠯᠲᠠ ᠦᠭᠡᠢ᠎ᠪᠠᠷ ᠭᠠᠳᠠᠭᠰᠢᠯᠠᠭᠤᠯᠬᠤ ᠠᠰᠠᠭᠤᠳᠠᠯ ᠣᠷᠣᠰᠢᠵᠤ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃ ᠸᠠᠩ ᠯᠢ ᠰᠢᠶᠠ ᠠᠵᠤ ᠠᠬᠤᠢ᠌ᠯᠠᠯ᠎ᠤᠨ ᠦᠢ᠍ᠯᠡᠳᠪᠦᠷᠢ ᠵᠢᠨ ᠲᠣᠭᠣᠷᠢᠭ᠎ᠲᠤ ᠬᠦᠷᠴᠦ᠂ ᠲᠦᠭᠦᠬᠡᠢ ᠮᠠᠲ᠋ᠧᠷᠢᠶᠠᠯ᠎ᠤᠨ ᠰᠠᠷᠠᠪᠴᠢ ᠵᠢ ᠪᠢᠲᠡᠭᠦᠮᠵᠢᠯᠡᠭᠰᠡᠨ ᠪᠠᠢ᠌ᠳᠠᠯ᠂ ᠰᠦᠢ᠍ᠳᠴᠦ ᠡᠪᠳᠡᠷᠡᠭᠰᠡᠨ ᠵᠤᠤᠬ᠎ᠠ ᠵᠢᠨ ᠡᠭᠦᠳᠡ ᠵᠢ ᠥᠭᠡᠷᠡᠴᠢᠯᠡᠨ ᠵᠠᠰᠠᠭᠰᠠᠨ ᠪᠠᠢ᠌ᠳᠠᠯ᠎ᠢ ᠲᠤᠬᠠᠢ ᠵᠢᠨ ᠲᠠᠯᠠᠪᠠᠢ᠎ᠳᠤ ᠪᠠᠢ᠌ᠴᠠᠭ᠋ᠠᠨ ᠦᠵᠡᠵᠦ᠂ ᠠᠵᠤ ᠠᠬᠤᠢ᠌ᠯᠠᠯ᠎ᠤᠨ᠎ᠬᠢᠨ ᠥᠨᠳᠥᠷ ᠪᠠᠷᠢᠮᠵᠢᠶ᠎ᠠ ᠪᠦᠬᠦᠢ ᠴᠡᠭᠴᠡᠯᠡᠨ ᠰᠠᠢ᠌ᠵᠢᠷᠠᠭᠤᠯᠬᠤ ᠲᠥᠰᠥᠯ ᠭᠠᠷᠭ᠋ᠠᠵᠤ᠂ ᠵᠣᠷᠢᠭ ᠰᠢᠭᠤᠳᠴᠤ ᠠᠰᠠᠭᠤᠳᠠᠯ᠎ᠢ ᠲᠤᠭᠤᠰᠢᠲᠠᠢ ᠴᠡᠭᠴᠡᠯᠡᠨ ᠰᠠᠢ᠌ᠵᠢᠷᠠᠭᠤᠯᠬᠤ ᠬᠡᠷᠡᠭᠲᠡᠢ᠂ ᠪᠠᠭ᠎ᠠ ᠰᠠᠭ᠎ᠠ ᠵᠠᠰᠠᠵᠤ ᠰᠡᠯᠪᠢᠭᠡᠳ ᠯᠠ ᠵᠣᠭᠰᠣᠵᠤ ᠪᠤᠯᠬᠤ ᠦᠭᠡᠢ᠂ ᠪᠠᠷᠢᠮᠵᠢᠶ᠎ᠠ ᠵᠢ ᠪᠠᠭᠤᠷᠠᠭᠤᠯᠤᠨ ᠪᠠᠢ᠌ᠵᠤ ᠴᠡᠭᠴᠡᠯᠡᠨ ᠰᠠᠢ᠌ᠵᠢᠷᠠᠭᠤᠯᠬᠤ ᠬᠠᠷᠠᠯᠲᠠ᠎ᠳᠤ ᠬᠦᠷᠬᠦ᠎ᠪᠠᠷ ᠤᠷᠤᠯᠳᠤᠵᠤ ᠪᠤᠯᠬᠤ ᠦᠭᠡᠢ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠵᠤ ᠠᠬᠤᠢ᠌ᠯᠠᠯ᠎ᠤᠨ ᠴᠡᠭᠴᠡᠯᠡᠨ ᠰᠠᠢ᠌ᠵᠢᠷᠠᠭᠤᠯᠬᠤ ᠲᠥᠰᠥᠯ᠎ᠢ ᠴᠢᠩᠭ᠎ᠠ ᠬᠢᠨᠠᠨ ᠪᠠᠢ᠌ᠴᠠᠭ᠋ᠠᠵᠤ᠂ ᠠᠵᠤ ᠠᠬᠤᠢ᠌ᠯᠠᠯ᠎ᠢ ᠬᠠᠪᠰᠤᠷᠤᠨ ᠬᠡᠪ ᠳᠠᠭᠤᠷᠢᠶᠠᠯ᠎ᠢ ᠪᠤᠢ ᠪᠤᠯᠭ᠋ᠠᠵᠤ᠂ ᠵᠢᠱ᠌ᠢᠶ᠎ᠡ ᠦᠵᠡᠭᠦᠯᠦᠨ ᠳᠠᠢ᠌ᠴᠢᠯᠠᠵᠤ ᠦᠬᠠᠢ ᠵᠢᠨ ᠨᠡᠭᠦᠷᠡᠰᠦ ᠬᠡᠦᠷᠰᠢᠭᠦᠯᠬᠦ 8 ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠦᠪᠰᠢᠨ᠎ᠢ ᠪᠦᠭᠦ ᠲᠠᠯ᠎ᠠ᠎ᠪᠠᠷ ᠳᠡᠭᠡᠭᠰᠢᠯᠡᠭᠦᠯᠭᠦ ᠬᠡᠷᠡᠭᠲᠡᠢ᠃ ᠦᠬᠠᠢ ᠬᠤᠳᠠ ᠵᠢᠨ᠎ᠬᠢᠨ ᠣᠷᠣᠰᠢᠵᠤ ᠪᠠᠢ᠌ᠭ᠎ᠠ ᠠᠰᠠᠭᠤᠳᠠᠯ᠎ᠢ ᠪᠦᠭᠦ ᠲᠠᠯ᠎ᠠ᠎ᠪᠠᠷ ᠳ᠋ᠦᠩᠨᠡᠨ ᠬᠤᠷᠢᠶᠠᠩᠭᠤᠢ᠌ᠯᠠᠵᠤ᠂ ᠥᠩᠭᠡᠷᠡᠭᠰᠡᠨ᠎ᠳᠤ ᠶᠠᠭ᠋ᠠᠬᠢᠭ᠋ᠠᠳ ᠲᠤᠭᠤᠰᠢᠲᠠᠢ ᠴᠡᠭᠴᠡᠯᠡᠨ ᠰᠠᠢ᠌ᠵᠢᠷᠠᠭᠤᠯᠤᠭᠰᠠᠨ ᠦᠭᠡᠢ᠂ ᠢᠷᠡᠭᠡᠳᠦᠢ᠎ᠳᠤ ᠬᠡᠷᠬᠢᠨ ᠴᠡᠭᠴᠡᠯᠡᠨ ᠵᠠᠯᠠᠷᠠᠭᠤᠯᠬᠤ ᠪᠠ ᠰᠡᠷᠭᠡᠢ᠌ᠯᠡᠬᠦ ᠲᠤᠬᠠᠢ ᠭᠦᠨᠵᠡᠭᠡᠢ ᠰᠤᠳᠤᠯᠵᠤ᠂ ᠰᠤᠯᠠᠷᠠᠭᠤᠯᠤᠯ ᠦᠭᠡᠢ ᠪᠠᠢ᠌ᠩᠭᠤ ᠠᠳᠬᠤᠬᠤ᠂ ᠪᠠᠢ᠌ᠩᠭᠤ ᠵᠠᠰᠠᠵᠤ ᠤᠷᠳᠤ ᠬᠤᠭᠤᠴᠠᠭ᠎ᠠ ᠪᠦᠲᠦᠮᠵᠢᠲᠡᠢ ᠪᠤᠯᠭ᠋ᠠᠬᠤ ᠵᠢ ᠪᠡᠶᠡᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃

王莉霞在乌海市现场督导中央生态环境保护督察通报典型案例整改工作3.jpg

      ᠨᠡᠭᠦᠷᠡᠰᠦ ᠬᠡᠦᠷᠰᠢᠭᠦᠯᠬᠦ ᠠᠵᠤ ᠠᠬᠤᠢ᠌ᠯᠠᠯ᠎ᠤᠨ ᠪᠣᠬᠢᠷ ᠤᠰᠤ ᠵᠢ ᠬᠠᠮᠢᠭ᠎ᠠ ᠭᠠᠳᠠᠭᠰᠢᠯᠠᠭᠤᠯᠤᠭᠰᠠᠨ ᠪᠠ ᠰᠢᠢ᠍ᠳᠪᠦᠷᠢᠯᠡᠭᠰᠡᠨ ᠪᠠᠢ᠌ᠳᠠᠯ᠎ᠢ ᠨᠠᠷᠢᠨ ᠣᠢ᠌ᠯᠠᠭ᠋ᠠᠬᠤ ᠵᠢᠨ ᠲᠥᠯᠥᠭᠡ᠂ ᠸᠠᠩ ᠯᠢ ᠰᠢᠶᠠ ᠤᠷᠢᠳᠴᠢᠯᠠᠨ ᠮᠡᠳᠡᠭᠳᠡᠭᠰᠡᠨ ᠦᠭᠡᠢ᠎ᠪᠠᠷ ᠴᠡᠭᠡᠯ ᠠᠭᠤᠯᠠ ᠠᠵᠤ ᠦᠢ᠍ᠯᠡᠳᠪᠦᠷᠢ ᠵᠢᠨ ᠪᠣᠬᠢᠷ ᠤᠰᠤ ᠵᠢ ᠰᠢᠢ᠍ᠳᠪᠦᠷᠢᠯᠡᠬᠦ ᠦᠢ᠍ᠯᠡᠳᠪᠦᠷᠢ᠎ᠳᠤ ᠬᠦᠷᠴᠦ᠂ ᠡᠮᠦᠨᠡᠬᠢ ᠭᠣᠭᠴᠣᠭ᠎ᠠ ᠵᠢᠨ ᠠᠵᠤ ᠠᠬᠤᠢ᠌ᠯᠠᠯ᠎ᠤᠨ ᠤᠷᠢᠳᠴᠢᠯᠠᠨ ᠰᠢᠢ᠍ᠳᠪᠦᠷᠢᠯᠡᠭᠰᠡᠨ ᠪᠣᠬᠢᠷ ᠤᠰᠤ᠎ᠨᠢ ᠪᠠᠷᠢᠮᠵᠢᠶ᠎ᠠ᠎ᠳᠤ ᠬᠦᠷᠬᠦ ᠵᠢ ᠬᠡᠷᠬᠢᠨ ᠪᠠᠲᠤᠯᠠᠬᠤ᠂ ᠪᠠᠷᠢᠮᠵᠢᠶ᠎ᠠ᠎ᠠᠴᠠ ᠬᠡᠲᠦᠷᠡᠭᠰᠡᠨ ᠠᠰᠠᠭᠤᠳᠠᠯ᠎ᠢ ᠢᠯᠡᠷᠡᠭᠦᠯᠪᠡᠯ ᠬᠡᠨ᠎ᠳᠤ ᠮᠡᠳᠡᠭᠦᠯᠬᠦ᠂ ᠶᠠᠭ᠋ᠠᠬᠢᠵᠤ ᠰᠢᠢ᠍ᠳᠪᠦᠷᠢᠯᠡᠬᠦ ᠭᠡᠬᠦ ᠵᠡᠷᠭᠡ ᠵᠢ ᠯᠠᠪᠯᠠᠨ ᠠᠰᠠᠭᠤᠵᠤ᠂ ᠤᠯᠤᠰ᠎ᠤᠨ ᠥᠮᠴᠢᠯᠡᠯᠲᠦ ᠠᠵᠤ ᠠᠬᠤᠢ᠌ᠯᠠᠯ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠪᠠᠷ ᠲᠦᠷᠦᠭᠦᠯᠡᠨ ᠵᠢᠱ᠌ᠢᠶ᠎ᠡ ᠦᠵᠡᠭᠦᠯᠵᠦ᠂ ᠰᠢᠢ᠍ᠳᠪᠦᠷᠢᠯᠡᠭᠰᠡᠨ ᠪᠣᠰᠣᠭ᠎ᠠ ᠳᠥᠷᠪᠡᠯᠵᠢᠨ ᠮᠧᠲᠷ ᠪᠦᠷᠢ ᠤᠰᠤ ᠵᠢ ᠴᠥᠮ ᠲᠣᠭᠲᠠᠭᠰᠠᠨ ᠱᠠᠭ᠋ᠠᠷᠳᠠᠯᠭ᠎ᠠ᠎ᠳᠤ ᠬᠦᠷᠭᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠦᠬᠠᠢ ᠬᠣᠲᠠ ᠵᠢᠨ᠎ᠬᠢᠨ ᠨᠡᠭᠦᠷᠡᠰᠦ ᠬᠡᠦᠷᠰᠢᠭᠦᠯᠬᠦ ᠠᠵᠤ ᠠᠬᠤᠢ᠌ᠯᠠᠯ᠎ᠤᠨ ᠬᠡᠦᠷᠡᠰᠦ ᠵᠢ ᠬᠠᠭᠤᠷᠠᠢ᠎ᠪᠠᠷ ᠤᠨᠲᠠᠷᠠᠭ᠋ᠠᠬᠤ ᠥᠭᠡᠷᠡᠴᠢᠯᠡᠯᠲᠡ ᠵᠢ ᠪᠡᠶᠡᠯᠡᠭᠦᠯᠦᠭᠰᠡᠨ᠎ᠤ ᠳᠠᠷᠠᠭ᠋ᠠᠬᠢ 130 ᠲᠦᠮᠡᠨ ᠲᠣᠨ ᠪᠣᠬᠢᠷ ᠤᠰᠤ ᠵᠢ ᠬᠡᠷᠬᠢᠨ ᠰᠢᠢ᠍ᠳᠪᠦᠷᠢᠯᠡᠬᠦ ᠵᠢ ᠨᠢᠭᠡᠳᠦᠯᠲᠡᠢ ᠲᠥᠯᠥᠪᠵᠢᠭᠦᠯᠦᠨ ᠰᠤᠳᠤᠯᠵᠤ᠂ ᠳᠠᠪᠤᠰᠤ ᠶᠡᠬᠡᠲᠡᠢ ᠤᠰᠤ ᠵᠢ ᠰᠢᠢ᠍ᠳᠪᠦᠷᠢᠯᠡᠬᠦ ᠲᠥᠷᠥᠯ ᠵᠦᠢ᠍ᠯ᠎ᠤᠨ ᠠᠬᠢᠴᠠ ᠵᠢ ᠲᠦᠷᠭᠡᠳᠬᠡᠨ᠂ ᠥᠭᠡᠷᠡᠴᠢᠯᠡᠬᠦ ᠢᠨᠵᠧᠨᠧᠷᠢᠩ᠎ᠯᠦᠭᠡ ᠵᠡᠷᠭᠡ᠎ᠪᠠᠷ ᠪᠡᠶᠡᠯᠡᠭᠦᠯᠬᠦ᠂ ᠵᠡᠷᠭᠡ᠎ᠪᠠᠷ ᠠᠰᠢᠭᠯᠠᠯᠲᠠ᠎ᠳᠤ ᠣᠷᠣᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

王莉霞在乌海市现场督导中央生态环境保护督察通报典型案例整改工作4.jpg

      ᠲᠤᠰ ᠡᠳᠦᠷ᠎ᠤᠨ ᠦᠳᠡ ᠵᠢᠨ ᠬᠣᠢ᠌ᠨ᠎ᠠ᠂ ᠸᠠᠩ ᠯᠢ ᠰᠢᠶᠠ ᠲᠤᠰᠬᠠᠢ ᠰᠡᠳᠦᠪᠲᠦ ᠬᠤᠷᠠᠯ᠎ᠢ ᠡᠷᠭᠢᠯᠡᠨ ᠬᠤᠷᠠᠯᠳᠤᠭᠤᠯᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠢ ᠲᠣᠬᠢᠷᠠᠭᠤᠯᠪᠠ᠃ ᠲᠡᠷᠡ᠂ ᠶᠡᠷᠦᠩᠬᠡᠢ ᠱᠦᠵᠢ ᠰᠢ ᠵᠢᠨ ᠫᠢᠩ ᠦᠬᠠᠢ ᠵᠢᠴᠢ ᠦᠬᠠᠢ ᠵᠢᠨ ᠡᠷᠭᠢᠨ ᠲᠣᠭᠣᠷᠢᠨ᠎ᠤ ᠭᠠᠵᠠᠷ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠳᠡᠭᠡᠳᠦ ᠬᠡᠮᠵᠢᠶ᠎ᠡ᠎ᠪᠠᠷ ᠠᠩᠬᠠᠷᠴᠤ᠂ ᠶᠡᠷᠦᠩᠬᠡᠢ᠌ᠯᠡᠨ ᠵᠠᠰᠠᠬᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠥᠭᠴᠡᠢ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ᠎ᠠᠴᠠ ᠵᠠᠷᠯᠠᠨ ᠨᠡᠢ᠌ᠲᠡᠯᠡᠭᠰᠡᠨ ᠠᠰᠠᠭᠤᠳᠠᠯ᠎ᠢ ᠡᠷᠬᠡᠪᠰᠢ ᠭᠦᠨᠵᠡᠭᠡᠢ ᠲᠤᠩᠭ᠋ᠠᠨ ᠰᠡᠳᠬᠢᠵᠦ᠂ ᠭᠦᠨᠵᠡᠭᠡᠢ ᠰᠡᠷᠡᠮᠵᠢᠭᠦᠯᠤᠯ ᠣᠯᠵᠤ᠂ 《ᠨᠢᠭᠡ ᠱᠤᠭᠤᠮ》᠎ᠤᠨ ᠲᠣᠭᠲᠠᠴᠠ᠎ᠪᠠᠷ ᠠᠯᠳᠠᠭ᠎ᠠ ᠪᠤᠷᠤᠭᠤ᠎ᠪᠠᠨ ᠵᠠᠯᠠᠷᠠᠭᠤᠯᠵᠤ᠂ ᠪᠠᠢ᠌ᠴᠠᠭ᠋ᠠᠭᠰᠠᠨ ᠴᠤ᠌ ᠴᠡᠭᠴᠡᠯᠡᠨ ᠰᠠᠢ᠌ᠵᠢᠷᠠᠭᠤᠯᠬᠤ ᠦᠭᠡᠢ᠂ ᠲᠣᠷᠭ᠋ᠠᠵᠤ ᠰᠢᠢ᠍ᠳᠬᠡᠭᠡᠳ ᠯᠡ ᠬᠠᠶᠠᠴᠢᠬᠠᠬᠤ ᠵᠡᠷᠭᠡ ᠠᠰᠠᠭᠤᠳᠠᠯ᠎ᠢ ᠡᠷᠡᠰ ᠴᠡᠭᠴᠡᠯᠡᠨ ᠵᠠᠰᠠᠵᠤ᠂ ᠦᠨᠡᠨ ᠬᠦ᠌ ᠬᠠᠷᠢᠭᠤᠴᠠᠯᠭ᠎ᠠ ᠡᠭᠦᠷᠭᠡᠯᠡᠵᠦ᠂ ᠲᠤᠭᠤᠰᠢᠲᠠᠢ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠡᠶᠡᠯᠡᠭᠦᠯᠬᠦ ᠬᠡᠷᠡᠭᠲᠡᠢ᠃ ᠢᠯᠠᠩᠭᠤᠶ᠎ᠠ ᠠᠷᠭ᠋ᠠᠴᠠᠭ᠋ᠠᠨ ᠥᠩᠭᠡᠷᠡᠭᠦᠯᠬᠦ ᠪᠤᠳᠤᠯ᠎ᠢ ᠡᠷᠡᠰ ᠲᠡᠪᠴᠢᠵᠦ᠂ ᠤᠴᠢᠷ ᠶᠠᠪᠤᠳᠠᠯ᠎ᠢ ᠠᠷᠭ᠋ᠠᠴᠠᠭ᠋ᠠᠨ ᠡᠪᠯᠡᠭᠦᠯᠵᠦ᠂ ᠳᠣᠣᠷ᠎ᠠ ᠪᠠᠷᠢᠮᠵᠢᠶ᠎ᠠ᠎ᠪᠠᠷ ᠪᠠᠷᠢᠮᠵᠢᠶ᠎ᠠ᠎ᠳᠤ ᠬᠦᠷᠭᠡᠵᠦ ᠪᠤᠯᠬᠤ ᠦᠭᠡᠢ᠂ ᠮᠡᠳᠡᠭᠳᠡᠯ᠎ᠳᠤ ᠵᠢᠭ᠋ᠠᠵᠤ ᠭᠠᠷᠭ᠋ᠠᠭᠰᠠᠨ ᠠᠰᠠᠭᠤᠳᠠᠯ᠎ᠲᠠᠢ ᠬᠠᠷᠭᠤᠭᠤᠯᠤᠨ᠂ ᠨᠢᠭᠡ᠎ᠠᠴᠠ ᠨᠥᠭᠦᠭᠡ ᠵᠢ ᠵᠦᠢ᠍ᠴᠢᠯᠡᠨ ᠮᠡᠳᠡᠵᠦ ᠪᠦᠭᠦ ᠬᠣᠲᠠ᠎ᠳᠤ ᠲᠤᠢ᠌ᠯᠪᠤᠷᠢᠲᠠᠢ ᠪᠠᠢ᠌ᠴᠠᠭ᠋ᠠᠯᠲᠠ ᠬᠢᠵᠦ᠂ ᠠᠰᠠᠭᠤᠳᠠᠯ᠎ᠤᠨ ᠪᠤᠶ ᠪᠣᠯᠤᠭᠰᠠᠨ ᠰᠢᠯᠲᠠᠭ᠋ᠠᠨ᠎ᠢ ᠲᠥᠷᠥᠯ ᠬᠤᠪᠢᠶᠠᠨ ᠳ᠋ᠦᠩᠨᠡᠵᠦ᠂ ᠰᠢᠰᠲ᠋ᠧᠮ᠎ᠲᠠᠢ ᠵᠠᠰᠠᠵᠤ᠂ ᠪᠣᠬᠢᠷᠳᠤᠯ᠎ᠤᠨ ᠡᠬᠢ ᠰᠤᠷᠪᠤᠯᠵᠢ ᠵᠢ ᠦᠨᠳᠦᠰᠦ᠎ᠠᠴᠠ᠎ᠨᠢ ᠠᠷᠢᠯᠭ᠋ᠠᠬᠤ ᠬᠡᠷᠡᠭᠲᠡᠢ᠃ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ᠎ᠬᠢᠨ ᠳᠡᠭᠡᠷ᠎ᠡ ᠳᠣᠣᠷ᠎ᠠ ᠱᠠᠲᠤ ᠬᠣᠯᠪᠤᠭ᠋ᠠᠯᠠᠨ ᠬᠥᠳᠡᠯᠦᠯᠴᠡᠵᠦ᠂ ᠨᠢᠭᠡ ᠰᠡᠳᠦᠪ᠎ᠲᠤ ᠬᠠᠮᠲᠤ᠎ᠪᠠᠷ ᠬᠠᠷᠢᠭᠤᠯᠲᠠ ᠥᠭᠬᠦ ᠵᠢ ᠪᠠᠷᠢᠮᠲᠠᠯᠠᠵᠤ᠂ ᠣᠷᠣᠨ ᠨᠤᠲᠤᠭ᠎ᠲᠠᠢ ᠬᠠᠮᠲᠤ᠎ᠪᠠᠷ ᠴᠡᠭᠴᠡᠯᠡᠨ ᠰᠠᠢ᠌ᠵᠢᠷᠠᠭᠤᠯᠬᠤ ᠠᠵᠢᠯ᠎ᠢ ᠰᠠᠢ᠌ᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃

      ᠲᠡᠷᠡ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ᠎ᠠᠴᠠ ᠵᠠᠷᠯᠠᠨ ᠨᠡᠢ᠌ᠲᠡᠯᠡᠭᠰᠡᠨ ᠨᠡᠢ᠌ᠲᠡᠯᠢᠭ ᠬᠡᠷᠡᠭ ᠵᠶ᠋ᠡᠷ ᠲᠣᠯᠢ ᠪᠤᠯᠭ᠋ᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠪᠣᠳᠠᠲᠠᠢ ᠠᠳᠬᠤᠵᠤ᠂ ᠰᠤᠷᠲᠠᠯ᠎ᠤᠨ ᠲᠠᠯ᠎ᠠ᠎ᠪᠠᠷ ᠨᠢᠭᠡ ᠤᠳᠠᠭ᠎ᠠ ᠵᠢᠨ ᠥᠪᠡᠷ ᠪᠡᠶ᠎ᠡ ᠵᠢᠨ ᠬᠤᠪᠢᠰᠬᠠᠯ ᠬᠢᠵᠦ᠂ 《ᠤᠳᠠᠭ᠋ᠠᠨ ᠪᠦᠳᠦᠭᠦᠯᠢᠭ ᠬᠡᠢ᠌ᠰᠪᠦᠷᠢ》 ᠪᠠᠢ᠌ᠬᠤ ᠠᠰᠠᠭᠤᠳᠠᠯ᠎ᠢ ᠡᠷᠡᠰ ᠵᠠᠯᠠᠷᠠᠭᠤᠯᠬᠤ ᠬᠡᠷᠡᠭᠲᠡᠢ᠃ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠥᠪ᠎ᠤᠨ ᠲᠣᠭᠣᠷᠢᠨ ᠪᠠᠢ᠌ᠴᠠᠭ᠋ᠠᠵᠤ ᠬᠠᠷᠢᠭᠤ ᠲᠤᠰᠬᠠᠭᠰᠠᠨ ᠪᠠᠷᠢᠨ ᠬᠥᠳᠡᠯᠦᠯᠴᠡᠵᠦ ᠪᠠᠷᠢᠨ ᠴᠡᠭᠴᠡᠯᠡᠨ ᠰᠠᠢ᠌ᠵᠢᠷᠠᠭᠤᠯᠬᠤ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠪᠠ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠰᠢᠢ᠍ᠳᠪᠦᠷᠢᠯᠡᠬᠦ ᠵᠢ ᠲᠥᠪ ᠴᠢᠩᠭ᠎ᠠ ᠨᠠᠷᠢᠨ ᠬᠢᠨᠠᠮᠠᠭ᠋ᠠᠢ ᠰᠠᠢ᠌ᠲᠤᠷ ᠠᠳᠬᠤᠵᠤ᠂ ᠵᠢᠷᠭᠤᠭ᠋ᠠᠨ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠦᠢ᠍ᠯᠡᠰ᠎ᠤᠨ ᠪᠦᠲᠦᠴᠡ᠎ᠳᠤ ᠲᠣᠬᠢᠷᠠᠭᠤᠯᠤᠯᠲᠠ ᠬᠢᠬᠦ ᠵᠢ ᠲᠦᠷᠭᠡᠳᠬᠡᠵᠦ᠂ ᠲᠦᠷᠦᠯ ᠵᠦᠢ᠍ᠯ᠎ᠤᠨ ᠪᠡᠯᠡ ᠣᠷᠣᠭᠤᠯᠤᠯᠲᠠ ᠪᠦᠲᠦᠭᠡᠨ ᠪᠠᠢ᠌ᠭᠤᠯᠤᠯᠲᠠ ᠵᠢ ᠴᠢᠩᠭ᠎ᠠ ᠠᠳᠬᠤᠵᠤ᠂ ᠠᠶᠤᠯᠭᠦᠢ ᠦᠢ᠍ᠯᠡᠳᠪᠦᠷᠢᠯᠡᠯ᠂ ᠡᠳ᠋᠎ᠤᠨ ᠵᠠᠰᠠᠭ ᠮᠥᠩᠭᠥᠨ ᠭᠦᠢ᠍ᠯᠭᠡᠭᠡᠨ ᠵᠡᠷᠭᠡ ᠵᠢᠨ ᠠᠶᠤᠯ ᠲᠦᠭᠰᠢᠭᠦᠷᠢ ᠵᠢᠨ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ ᠲᠡᠷᠡ ᠦᠬᠠᠢ ᠵᠢᠨ ᠺᠠᠳ᠋ᠷ᠎ᠢ ᠰᠥᠰᠥ ᠵᠣᠷᠢᠭᠲᠠᠢ ᠪᠠᠢ᠌ᠵᠤ᠂ ᠰᠢᠳᠤ ᠵᠠᠭᠤᠨ ᠲᠡᠮᠡᠴᠡᠵᠦ᠂ ᠡᠷᠡᠯᠬᠡᠭᠯᠡᠨ ᠴᠢᠷᠮᠠᠢ᠌ᠵᠤ᠂ ᠪᠣᠳᠠᠲᠤ ᠠᠮᠵᠢᠯᠲᠠ ᠪᠦᠲᠦᠮᠵᠢ᠎ᠪᠠᠷ ᠵᠶ᠋ᠡᠨ ᠳᠠᠩᠰᠠ ᠲᠤᠰᠢᠶᠠᠵᠤ ᠬᠠᠷᠢᠭᠤᠯᠲᠠ ᠵᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠵᠣᠷᠢᠭᠵᠢᠭᠤᠯᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map