ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠸᠠᠩ ᠯᠢ ᠰᠢᠶᠠ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠪᠡᠯᠡᠳᠬᠡᠯ ᠠᠵᠢᠯ᠎ᠢ ᠪᠠᠢ᠌ᠴᠠᠭ᠋ᠠᠪᠠ
ᠨᠡᠶ᠋ᠢᠲᠡᠯᠡᠭᠰᠡᠨ ᠴᠠᠭ᠄ 2025-06-09


2025 ᠣᠨ᠎ᠤ ᠤᠯᠤᠰ᠎ᠤᠨ ᠨᠢᠭᠡᠳᠦᠯᠲᠡᠢ ᠰᠢᠯᠭ᠋ᠠᠯᠲᠠ ᠬᠦᠷᠴᠦ ᠢᠷᠡᠬᠦ ᠲᠠᠰᠢᠷᠠᠮ ᠵᠶ᠋ᠠᠷ᠂ 6 ᠰᠠᠷ᠎ᠠ ᠵᠢᠨ 6᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠸᠠᠩ ᠯᠢ ᠰᠢᠶᠠ ᠰᠢᠯᠭ᠋ᠠᠯᠲᠠ ᠵᠢᠨ ᠴᠡᠭ᠎ᠲᠤ ᠭᠦᠨᠵᠡᠭᠡᠢ᠌ᠷᠡᠨ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠪᠡᠯᠡᠳᠬᠡᠯ ᠠᠵᠢᠯ᠎ᠢ ᠪᠠᠢ᠌ᠴᠠᠭ᠋ᠠᠪᠠ᠃

准备1.JPG

ᠭᠦᠭᠡᠬᠣᠲᠠ ᠵᠢᠨ ᠬᠣᠷᠢ ᠶᠢᠰᠦᠳᠦᠭᠡᠷ ᠳᠤᠮᠳᠠᠳᠤ ᠰᠤᠷᠭ᠋ᠠᠭᠤᠯᠢ᠎ᠳᠤ᠂ ᠸᠠᠩ ᠯᠢ ᠰᠢᠶᠠ ᠲᠤᠬᠠᠢ ᠵᠢᠨ ᠲᠠᠯᠠᠪᠠᠢ᠎ᠳᠤ ᠰᠢᠯᠭ᠋ᠠᠯᠲᠠ ᠵᠢᠨ ᠴᠡᠭ᠎ᠤᠨ ᠡᠷᠭᠢᠨ ᠲᠣᠭᠣᠷᠢᠨ᠎ᠤ ᠣᠷᠴᠢᠨ ᠲᠣᠭᠣᠷᠢᠨ᠎ᠢ ᠪᠠᠢ᠌ᠴᠠᠭ᠋ᠠᠨ ᠦᠵᠡᠵᠦ᠂ ᠰᠢᠯᠭ᠋ᠠᠭᠤᠯᠤᠭᠰᠠᠳ᠎ᠤᠨ ᠰᠢᠯᠭ᠋ᠠᠯᠲᠠ᠎ᠳᠤ ᠣᠷᠤᠯᠴᠠᠬᠤ ᠱᠤᠭᠤᠮ᠎ᠤᠨ ᠪᠦᠭᠦ ᠶᠠᠪᠤᠴᠠ ᠳᠠᠭ᠋ᠠᠤ ᠠᠶᠤᠯᠭᠦᠢ ᠵᠢᠨ ᠪᠠᠢ᠌ᠴᠠᠭ᠋ᠠᠯᠲᠠ ᠵᠢᠨ ᠨᠡᠪᠲᠡᠷᠡᠬᠦ ᠵᠠᠮ᠂ ᠰᠢᠯᠭ᠋ᠠᠯᠲᠠ᠎ᠳᠤ ᠣᠷᠤᠯᠴᠠᠬᠤ᠎ᠪᠠᠷ ᠬᠦᠯᠢᠶᠡᠬᠦ ᠬᠠᠮᠢᠶᠠᠷᠤᠯᠲᠠ ᠵᠡᠷᠭᠡ ᠪᠠᠢ᠌ᠳᠠᠯ᠎ᠢ ᠨᠠᠷᠢᠨ ᠪᠠᠢ᠌ᠴᠠᠭ᠋ᠠᠵᠤ᠂ ᠰᠢᠯᠭ᠋ᠠᠯᠲᠠ ᠵᠢᠨ ᠶᠠᠪᠤᠳᠠᠯ᠎ᠤᠨ ᠲᠣᠬᠢᠷᠠᠭᠤᠯᠤᠯᠲᠠ᠂ ᠦᠢ᠍ᠯᠡᠴᠢᠯᠡᠭᠡ ᠪᠠᠲᠤᠯᠠᠭ᠎ᠠ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠥᠰᠥᠯ ᠵᠡᠷᠭᠡ ᠪᠡᠯᠡᠳᠬᠡᠯ ᠠᠵᠢᠯ᠎ᠢ ᠨᠠᠷᠢᠨ ᠠᠰᠠᠭᠤᠵᠤ᠂ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠎ᠳᠤ ᠨᠠᠷᠢᠯᠢᠭ᠎ᠠᠴᠠ ᠨᠠᠷᠢᠯᠢᠭ᠂ ᠪᠣᠯᠭᠣᠮᠵᠢᠲᠠᠢ᠎ᠠᠴᠠ ᠪᠣᠯᠭᠣᠮᠵᠢᠲᠠᠢ ᠪᠠᠢ᠌ᠵᠤ᠂ ᠡᠯ᠎ᠡ ᠭᠣᠭᠴᠣᠭ᠋ᠠᠨ᠎ᠤ ᠠᠵᠢᠯ᠎ᠢ ᠲᠠᠭᠢᠨ ᠳᠠᠪᠲᠠᠨ ᠪᠠᠢ᠌ᠴᠠᠭ᠋ᠠᠵᠤ᠂ ᠲᠠᠭᠢᠨ ᠳᠠᠪᠲᠠᠨ ᠲᠡᠭᠦᠯᠳᠡᠷᠵᠢᠭᠦᠯᠵᠦ᠂ ᠪᠦᠷᠢᠨ ᠲᠡᠭᠦᠰ ᠪᠡᠯᠡᠳᠬᠡᠯ ᠵᠶ᠋ᠡᠷ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠥᠴᠥᠬᠡᠨ ᠴᠦ᠍ ᠠᠯᠳᠠᠰᠢ ᠭᠠᠷᠭ᠋ᠠᠬᠤ ᠦᠭᠡᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠵᠠᠬᠢᠪᠠ᠃

准备2.JPG

ᠸᠠᠩ ᠯᠢ ᠰᠢᠶᠠ᠂ ᠤᠯᠤᠰ᠎ᠤᠨ ᠨᠢᠭᠡᠳᠦᠯᠲᠡᠢ ᠰᠢᠯᠭ᠋ᠠᠯᠲᠠ᠎ᠨᠢ ᠲᠦᠭ ᠲᠦᠮᠡᠨ ᠠᠢ᠌ᠯ ᠡᠷᠦᠭᠡ᠎ᠲᠠᠢ ᠬᠣᠯᠪᠣᠭᠳᠠᠵᠤ᠂ ᠥᠷᠭᠡᠨ ᠤᠯᠠᠨ ᠰᠢᠯᠭ᠋ᠠᠭᠤᠯᠤᠭᠰᠠᠳ᠎ᠤᠨ ᠢᠷᠡᠭᠡᠳᠦᠢ ᠬᠤᠪᠢ ᠵᠠᠶᠠᠭ᠎ᠠ᠎ᠲᠠᠢ ᠬᠣᠯᠪᠣᠭᠳᠠᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠨ᠎ᠬᠢᠨ 《ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ》 ᠥᠨᠳᠥᠷᠴᠡ᠎ᠠᠴᠠ᠂ ᠰᠢᠯᠭ᠋ᠠᠭᠤᠯᠤᠭᠰᠠᠳ ᠵᠶ᠋ᠠᠷ ᠦᠨᠳᠦᠰᠦ ᠪᠤᠯᠭ᠋ᠠᠵᠤ᠂ ᠨᠢᠭᠲᠠ ᠬᠠᠮᠵᠢᠯᠴᠠᠵᠤ᠂ ᠬᠠᠮᠵᠢᠯᠴᠠᠨ ᠬᠦᠴᠦᠯᠡᠵᠦ᠂ ᠬᠠᠷᠢᠭᠤᠴᠠᠯᠭ᠎ᠠ ᠵᠢ ᠬᠥᠮᠥᠨ ᠨᠢᠭᠡ ᠪᠦᠷᠢ ᠪᠣᠯᠣᠨ ᠠᠵᠢᠯ᠎ᠤᠨ ᠪᠠᠢ᠌ᠷᠢ᠎ᠳᠤ ᠭᠦᠷᠳᠡᠯ᠎ᠡ ᠨᠠᠢ᠌ᠳᠠᠪᠤᠷᠢᠵᠢᠭᠤᠯᠵᠤ᠂ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠡᠮᠬᠢ ᠳᠢᠭᠯᠢᠮ᠎ᠲᠠᠢ ᠤᠷᠤᠭᠰᠢᠲᠠᠢ ᠶᠠᠪᠤᠭᠳᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠰᠢᠯᠭ᠋ᠠᠯᠲᠠ ᠵᠢᠨ ᠰᠤᠷᠲᠠᠯ ᠰᠢᠯᠭ᠋ᠠᠯᠲᠠ ᠵᠢᠨ ᠰᠠᠬᠢᠯᠭ᠎ᠠ ᠪᠠᠲᠤ ᠵᠢ ᠴᠢᠩᠳᠠᠯᠠᠵᠤ᠂ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠡᠷᠬᠡ ᠲᠡᠭᠰᠢ ᠲᠥᠪ ᠭᠣᠣᠯᠴᠢ ᠪᠠᠢ᠌ᠬᠤ ᠵᠢ ᠬᠠᠮᠠᠭ᠋ᠠᠯᠠᠬᠤ ᠬᠡᠷᠡᠭᠲᠡᠢ᠃ ᠠᠮᠤᠷ᠎ᠢ ᠬᠠᠮᠠᠭ᠋ᠠᠯᠠᠬᠤ ᠲᠣᠭᠣᠷᠢᠨ ᠰᠡᠷᠭᠡᠢ᠌ᠯᠡᠬᠦ᠂ ᠵᠠᠮ ᠬᠠᠷᠢᠯᠴᠠᠭ᠎ᠠ ᠵᠢᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ᠂ ᠴᠠᠭ ᠠᠭᠤᠷ᠎ᠤᠨ ᠤᠷᠢᠳᠴᠢᠯᠠᠭᠰᠠᠨ ᠮᠡᠳᠡᠭᠡ᠂ ᠴᠠᠭᠢᠯᠭ᠋ᠠᠨ ᠬᠦᠴᠦᠨ᠎ᠤ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭ᠋ᠠᠯᠠᠯ ᠵᠡᠷᠭᠡ ᠠᠵᠢᠯ᠎ᠢ ᠨᠠᠷᠢᠨ ᠨᠢᠮᠪᠠᠢ ᠪᠦᠷᠢᠨ ᠭᠦᠢ᠍ᠴᠡᠳ ᠰᠠᠢ᠌ᠲᠤᠷ ᠬᠢᠵᠦ᠂ ᠰᠠᠨᠠᠭ᠎ᠠ ᠠᠮᠤᠷ ᠲᠠᠭ᠋ᠠᠯᠠᠮᠵᠢᠲᠠᠢ ᠰᠢᠯᠭ᠋ᠠᠯᠲᠠ ᠵᠢᠨ ᠣᠷᠴᠢᠨ ᠲᠣᠭᠣᠷᠢᠨ᠎ᠢ ᠪᠤᠶ ᠪᠤᠯᠭ᠋ᠠᠵᠤ᠂ ᠥᠷᠭᠡᠨ ᠣᠯᠠᠨ ᠰᠤᠷᠤᠬ᠍ᠴᠢᠳ᠎ᠤᠨ ᠰᠠᠢ᠌ᠨ ᠬᠢᠷᠢ ᠪᠦᠲᠦᠮᠵᠢ ᠣᠯᠬᠤ᠎ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

准备3.JPG

ᠪᠦᠦ ᠰᠢᠶᠠᠨ ᠬᠤᠸᠠ ᠣᠷᠣᠯᠴᠠᠪᠠ᠃

 


ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map