ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠠᠷᠪᠠᠨ ᠨᠠᠢ᠍ᠮᠠᠳᠤᠭᠠᠷ ᠬᠤᠷᠠᠯ ᠲᠡᠭᠦᠰᠪᠡ   ᠰᠦᠨ ᠱᠤᠤ ᠴᠧᠩ ᠬᠤᠷᠠᠯ᠎ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2025-07-25

 

ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢᠨ ᠠᠷᠪᠠᠨ ᠨᠠᠢ᠍ᠮᠠᠳᠤᠭᠠᠷ ᠬᠤᠷᠠᠯ ᠡᠯ᠎ᠡ ᠵᠥᠪᠯᠡᠬᠦ᠌ ᠵᠦᠢᠯ᠎ᠢᠶᠡᠨ ᠲᠡᠭᠦᠰ ᠠᠮᠵᠢᠯᠲᠠᠲᠠᠶ ᠳᠠᠭᠤᠰᠭᠠᠭᠠᠳ 7 ᠰᠠᠷ᠎ᠠ᠎ᠶ᠋ᠢᠨ 24᠎ᠦ ᠦᠳᠡ᠎ᠶ᠋ᠢᠨ ᠬᠣᠢᠨ᠎ᠠ ᠲᠡᠭᠦᠰᠪᠡ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠪᠦᠷᠢᠯᠳᠦᠬᠦᠨ ᠣᠲᠣ 68 ᠬᠥᠮᠦᠨ ᠪᠣᠶ᠂ ᠲᠣᠰ ᠤᠳᠠᠭ᠎ᠠ᠎ᠶ᠋ᠢᠨ ᠬᠤᠷᠠᠯ᠎ᠳᠤ 62 ᠬᠥᠮᠦᠨ ᠣᠷᠣᠯᠴᠠᠵᠤ᠂ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢᠨ ᠡᠷᠬᠢᠯᠡᠭ᠌ᠴᠢ ᠰᠦᠨ ᠱᠤᠤ ᠴᠧᠩ ᠬᠤᠷᠠᠯ᠎ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢᠨ ᠪᠠᠢᠩᠭᠤ᠎ᠶ᠋ᠢᠨ ᠳᠡᠳ᠋ ᠡᠷᠬᠢᠯᠡᠭ᠌ᠴᠢ ᠯᠢᠨ ᠱᠤᠤ ᠴᠦᠨ᠂ ᠳᠡᠳ᠋ ᠡᠷᠬᠢᠯᠡᠭ᠌ᠴᠢ ᠵᠠᠩ ᠱᠤᠤ ᠴᠦᠨ᠂ ᠳ᠋ᠤᠸᠠᠨ ᡁᠢ ᠴᠢᠶᠠᠩ᠂ ᠵᠧᠩ ᠬᠣᠩ ᠹᠠᠨ᠂ ᠳ᠋ᠢᠩ ᠱᠢᠤ ᠹᠸᠩ᠂ ᠠᠶ ᠯᠢ ᠬᠤᠸᠠ᠂ ᠯᠢ ᠪᠢᠩ ᠷᠦᠩ᠂ ᠡᠸ᠋ ᠶᠠᠨ ᠭᠠᠩ᠂ ᠨᠠᠷᠢᠨ ᠪᠢᠴᠢᠭ᠎ᠦᠨ ᠳᠠᠷᠤᠭ᠎ᠠ ᠸᠠᠨ ᠴᠤᠤ ᠴᠢ ᠬᠤᠷᠠᠯ᠎ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠰᠦᠨ ᠵᠢᠶᠦ᠋ᠨ ᠴᠢᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ᠎ᠶ᠋ᠢᠨ ᠪᠠᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ᠎ᠳᠤ ᠰᠤᠯᠠ ᠣᠷᠣᠯᠴᠠᠵᠠᠶ᠃

ᠬᠤᠷᠠᠯ᠎ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠩᠭᠠᠨ ᠪᠣᠷᠣᠯᠠᠭᠤᠯᠬᠤ ᠬᠣᠷᠱᠢᠶ᠎ᠠ᠎ᠶ᠋ᠢᠨ ᠲᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠪᠠᠲᠤᠯᠠᠭ᠎ᠠ᠎ᠶ᠋ᠢᠨ ᠺᠠᠷᠲ᠎ᠤᠨ ᠰᠠᠭᠤᠭᠠᠯᠢ ᠠᠷᠠᠳ᠎ᠤᠨ ᠦᠶ᠋ᠯᠡᠴᠢᠯᠡᠭᠡᠨ᠎ᠦ ᠪᠦᠷᠢᠨ ᠴᠢᠳᠠᠮᠵᠢᠲᠤ ᠺᠠᠷᠲ᠎ᠤᠨ ᠲᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠤᠤᠯ ᠭᠤᠤᠯ᠎ᠤᠨ ᠤᠰᠤ᠎ᠶ᠋ᠢ ᠯᠢᠶᠣᠤᠾᠧ ᠭᠤᠤᠯ᠎ᠳᠤ ᠲᠠᠲᠠᠬᠤ ᠢᠨᠵᠧᠨᠧᠷᠢᠩ᠎ᠦᠨ ᠬᠠᠮᠢᠶᠠᠷᠤᠯᠲᠠ ᠪᠠ ᠬᠠᠮᠠᠭᠠᠯᠠᠯᠲᠠ᠎ᠶ᠋ᠢᠨ ᠲᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠤᠤᠬᠢᠶᠠᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠲᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠢᠶᠠᠨ ᠬᠠᠢᠷᠠᠯᠠᠬᠤ ᠡᠷᠡᠭᠦᠯ ᠬᠠᠮᠠᠭᠠᠯᠠᠯ᠎ᠤᠨ ᠲᠦᠷᠢᠮ (ᠵᠠᠰᠠᠪᠤᠷᠢ ᠣᠷᠣᠭᠤᠯᠤᠭ᠍ᠰᠠᠨ)》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠤᠰᠤ᠎ᠶ᠋ᠢ ᠠᠷᠪᠢᠯᠠᠨ ᠬᠡᠷᠡᠭ᠌ᠯᠡᠬᠦ᠌ ᠲᠦᠷᠢᠮ (ᠵᠠᠰᠠᠪᠤᠷᠢ ᠣᠷᠣᠭᠤᠯᠤᠭ᠍ᠰᠠᠨ)》᠎ᠢ ᠪᠠᠲᠤᠯᠠᠪᠠ᠃

ᠬᠤᠷᠠᠯ᠎ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠲᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠶ 4 ᠬᠠᠤᠯᠢ ᠲᠣᠭ᠍ᠲᠠᠭᠠᠯ᠎ᠳᠤ ᠵᠠᠰᠠᠪᠤᠷᠢ ᠣᠷᠣᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢᠨ ᠲᠣᠭ᠍ᠲᠠᠭᠠᠯ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠲᠠᠭᠠᠨ ᠪᠤᠴᠠᠵᠤ ᠢᠷᠡᠭ᠌ᠰᠡᠨ ᠬᠠᠷᠢᠶᠠᠲᠤ ᠎ᠨᠠᠷ ᠪᠠ ᠬᠠᠷᠢᠶᠠᠲᠤ ᠎ᠨᠠᠷ᠎ᠤᠨ ᠬᠡᠷ ᠪᠦᠯᠢ᠎ᠶ᠋ᠢᠨ ᠬᠢᠨ᠎ᠤ ᠡᠷᠬᠡ ᠠᠱᠢᠭ᠎ᠢ ᠬᠠᠮᠠᠭᠠᠯᠠᠬᠤ ᠬᠠᠤᠯᠢ〉ᠶ᠋ᠢ ᠬᠡᠷᠡᠭ᠌ᠵᠢᠭᠦᠯᠬᠦ᠌ ᠠᠷᠭ᠎ᠠ 》᠎ᠳᠦ ᠵᠠᠰᠠᠪᠤᠷᠢ ᠣᠷᠣᠭᠤᠯᠬᠤ ᠲᠤᠬᠠᠶ ᠲᠣᠭ᠍ᠲᠠᠭᠠᠯ᠎ᠢ ᠪᠠᠲᠤᠯᠠᠪᠠ᠃

ᠬᠤᠷᠠᠯ᠎ᠡᠴᠡ 《ᠬᠥᠬᠡᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠠᠷᠢᠯᠭ᠎ᠠ᠎ᠶ᠋ᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ᠎ᠬᠦᠯᠢᠶᠡᠬᠦ ᠬᠠᠮᠢᠶᠠᠷᠤᠯᠲᠠ᠎ᠶ᠋ᠢᠨ ᠲᠦᠷᠢᠮ》᠎ᠢ᠋ ᠵᠥᠪᠱᠢᠶᠡᠷᠡᠬᠦ᠌ ᠲᠤᠬᠠᠶ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢᠨ ᠱᠢᠶ᠋ᠳᠪᠦᠷᠢ᠂ 《〈ᠬᠥᠬᠡᠬᠣᠲᠠ᠎ᠶ᠋ᠢᠨ ᠴᠠᠭ ᠠᠭᠤᠷ᠎ᠤᠨ ᠲᠦᠷᠢᠮ〉᠎ᠳ᠋ᠤ ᠵᠠᠰᠠᠪᠤᠷᠢ ᠣᠷᠣᠭᠤᠯᠬᠤ ᠲᠤᠬᠠᠶ ᠬᠥᠬᠡᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢᠨ ᠲᠣᠭ᠍ᠲᠠᠭᠠᠯ》᠎ᠢ᠋ ᠵᠥᠪᠱᠢᠶᠡᠷᠡᠬᠦ᠌ ᠲᠤᠬᠠᠶ ᠱᠢᠶ᠋ᠳᠪᠦᠷᠢ᠂ 《〈ᠪᠤᠭᠤᠲᠤ ᠬᠣᠲᠠ᠎ᠶ᠋ᠢᠨ ᠠᠯᠪᠠᠨ ᠵᠢᠷᠤᠮ᠎ᠤᠨ ᠮᠣᠳᠣ ᠳᠠᠷᠢᠬᠤ ᠲᠦᠷᠢᠮ〉᠂ 〈ᠪᠤᠭᠤᠲᠤ ᠬᠣᠲᠠ᠎ᠶ᠋ᠢᠨ ᠨᠠᠰᠤᠲᠠᠢᠴᠤᠳ᠎ᠤᠨ ᠡᠷᠬᠡ ᠠᠱᠢᠭ᠎ᠢ ᠪᠠᠲᠤᠯᠠᠬᠤ ᠲᠦᠷᠢᠮ〉᠎ᠳ᠋ᠤ ᠵᠠᠰᠠᠪᠤᠷᠢ ᠣᠷᠣᠭᠤᠯᠬᠤ ᠲᠤᠬᠠᠶ ᠪᠤᠭᠤᠲᠤ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢᠨ ᠲᠣᠭ᠍ᠲᠠᠭᠠᠯ》᠎ᠢ᠋ ᠵᠥᠪᠱᠢᠶᠡᠷᠡᠬᠦ᠌ ᠲᠤᠬᠠᠶ ᠱᠢᠶ᠋ᠳᠪᠦᠷᠢ᠂ 《ᠬᠥᠯᠥᠨ ᠪᠣᠢᠷ ᠬᠣᠲᠠ᠎ᠶ᠋ᠢᠨ ᠴᠠᠬᠢᠯᠭᠠᠨ ᠱᠠᠲᠤ᠎ᠶ᠋ᠢᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠲᠦᠷᠢᠮ》᠎ᠢ᠋ ᠵᠥᠪᠱᠢᠶᠡᠷᠡᠬᠦ᠌ ᠲᠤᠬᠠᠶ ᠱᠢᠶ᠋ᠳᠪᠦᠷᠢ᠂ 《〈ᠲᠦᠩᠯᠢᠶᠣᠤ ᠬᠣᠲᠠ᠎ᠶ᠋ᠢᠨ ᠬᠣᠲᠠ᠎ᠶ᠋ᠢᠨ ᠦᠵᠡᠮᠵᠢ ᠪᠠ ᠣᠷᠴᠢᠨ ᠲᠣᠭᠣᠷᠢᠨ᠎ᠤ ᠠᠷᠢᠭᠤᠨ ᠴᠡᠪᠡᠷ᠎ᠤᠨ ᠬᠠᠮᠢᠶᠠᠷᠤᠯᠲᠠ᠎ᠶ᠋ᠢᠨ ᠲᠦᠷᠢᠮ〉᠎ᠳ᠋ᠤ ᠵᠠᠰᠠᠪᠤᠷᠢ ᠣᠷᠣᠭᠤᠯᠬᠤ ᠲᠤᠬᠠᠶ ᠲᠦᠩᠯᠢᠶᠣᠤ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢᠨ ᠲᠣᠭ᠍ᠲᠠᠭᠠᠯ》᠎ᠢ᠋ ᠵᠥᠪᠱᠢᠶᠡᠷᠡᠬᠦ᠌ ᠲᠤᠬᠠᠶ ᠱᠢᠶ᠋ᠳᠪᠦᠷᠢ᠂ 《ᠤᠯᠠᠭᠠᠨᠬᠠᠳᠠ ᠬᠣᠲᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠳᠦᠷᠢᠮ》᠎ᠢ᠋ ᠵᠥᠪᠱᠢᠶᠡᠷᠡᠬᠦ᠌ ᠲᠤᠬᠠᠶ ᠱᠢᠶ᠋ᠳᠪᠦᠷᠢ᠂ 《ᠤᠯᠠᠭᠠᠨᠴᠠᠪ ᠬᠣᠲᠠ᠎ᠶ᠋ᠢᠨ ᠦᠨᠡᠨ ᠶᠣᠰᠣᠨ᠎ᠤ ᠲᠥᠯᠥᠭᠡ ᠡᠷᠡᠯᠬᠡᠭ᠌᠎ᠢᠶᠡᠷ ᠲᠡᠮᠡᠴᠡᠭ᠌ᠰᠡᠨ ᠬᠥᠮᠦᠰ᠎ᠢ ᠱᠠᠩᠨᠠᠨ ᠬᠥᠬᠢᠭᠦᠯᠬᠦ᠌ ᠪᠠ ᠡᠷᠬᠡ ᠠᠱᠢᠭ᠎ᠢ ᠪᠠᠲᠤᠯᠠᠬᠤ ᠲᠦᠷᠢᠮ》᠎ᠢ᠋ ᠵᠥᠪᠱᠢᠶᠡᠷᠡᠬᠦ᠌ ᠲᠤᠬᠠᠶ ᠱᠢᠶ᠋ᠳᠪᠦᠷᠢ᠂ 《〈ᠤᠯᠠᠭᠠᠨᠴᠠᠪ ᠬᠣᠲᠠ᠎ᠶ᠋ᠢᠨ ᠬᠦᠶ᠋ᠲᠡᠨᠱᠢᠯᠢ᠎ᠶ᠋ᠢᠨ ᠨᠤᠳᠤᠭ ᠪᠡᠯᠴᠢᠬᠡᠷ᠎ᠢ ᠬᠠᠮᠠᠭᠠᠯᠠᠬᠤ ᠲᠦᠷᠢᠮ〉᠎ᠳ᠋ᠤ ᠵᠠᠰᠠᠪᠤᠷᠢ ᠣᠷᠣᠭᠤᠯᠬᠤ ᠲᠤᠬᠠᠶ ᠤᠯᠠᠭᠠᠨᠴᠠᠪ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢᠨ ᠲᠣᠭ᠍ᠲᠠᠭᠠᠯ》᠎ᠢ᠋ ᠵᠥᠪᠱᠢᠶᠡᠷᠡᠬᠦ᠌ ᠲᠤᠬᠠᠶ ᠱᠢᠶ᠋ᠳᠪᠦᠷᠢ᠂ 《ᠣᠷᠳᠣᠰ ᠬᠣᠲᠠ᠎ᠶ᠋ᠢᠨ ᠰᠠᠭᠤᠭᠠᠯᠢ ᠠᠷᠠᠳ᠎ᠤᠨ ᠣᠷᠣᠨ ᠰᠠᠭᠤᠴᠠ᠎ᠶ᠋ᠢᠨ ᠲᠣᠭᠣᠷᠢᠭ᠎ᠤᠨ ᠭᠠᠯ ᠰᠡᠷᠭᠡᠢᠯᠡᠵᠦ ᠭᠠᠯ ᠤᠨᠲᠠᠷᠠᠭᠠᠬᠤ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠲᠦᠷᠢᠮ》ᠢ᠋ ᠵᠥᠪᠱᠢᠶᠡᠷᠡᠬᠦ᠌ ᠲᠤᠬᠠᠶ ᠱᠢᠶ᠋ᠳᠪᠦᠷᠢ᠂ 《ᠪᠠᠶᠠᠨᠨᠠᠭᠤᠷ ᠬᠣᠲᠠ᠎ᠶ᠋ᠢᠨ ᠲᠠᠷᠢᠶᠠᠨ ᠭᠠᠵᠠᠷ᠎ᠤᠨ ᠤᠰᠤᠯᠠᠯᠲᠠ᠎ᠶ᠋ᠢᠨ ᠤᠰᠤ ᠬᠡᠷᠡᠭ᠌ᠯᠡᠬᠦ᠌ ᠬᠠᠮᠢᠶᠠᠷᠤᠯᠲᠠ᠎ᠶ᠋ᠢᠨ ᠲᠦᠷᠢᠮ》᠎ᠢ᠋ ᠵᠥᠪᠱᠢᠶᠡᠷᠡᠬᠦ᠌ ᠲᠤᠬᠠᠶ ᠱᠢᠶ᠋ᠳᠪᠦᠷᠢ᠎ᠶ᠋ᠢ ᠪᠠᠲᠤᠯᠠᠪᠠ᠃

ᠬᠤᠷᠠᠯ᠎ᠡᠴᠡ 《ᠵᠡᠭᠦᠨ ᠬᠣᠢᠲᠤ᠎ᠶ᠋ᠢᠨ ᠭᠤᠷᠪᠠᠨ ᠮᠤᠵᠢ ᠨᠢᠭᠡ ᠣᠷᠣᠨ᠎ᠤ ᠵᠢᠭᠤᠯᠴᠢᠯᠠᠯ᠎ᠤᠨ ᠦᠶ᠋ᠯᠡᠰ᠎ᠢ ᠬᠠᠮᠵᠢᠯᠴᠠᠨ ᠬᠥᠭ᠌ᠵᠢᠬᠦᠯᠬᠦ᠎ᠶ᠋ᠢ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠲᠣᠭ᠍ᠲᠠᠭᠠᠯ》᠎ᠳᠦ ᠵᠠᠰᠠᠪᠤᠷᠢ ᠣᠷᠣᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠲᠣᠭ᠍ᠲᠠᠭᠠᠯ᠎ᠢ ᠪᠠᠲᠤᠯᠠᠪᠠ᠃

ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ 2024 ᠣᠨ᠎ᠤ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠦᠨ ᠵᠠᠰᠠᠭ᠎ᠤᠨ ᠲᠥᠰᠦᠪ᠎ᠦᠨ ᠭᠦᠢᠴᠡᠳᠭᠡᠯ᠎ᠢ ᠵᠥᠪᠱᠢᠶᠡᠷᠡᠬᠦ᠌ ᠲᠤᠬᠠᠢ ᠱᠢᠢᠳᠪᠦᠷᠢ᠂ 2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠲᠥᠰᠦᠪ᠎ᠦᠨ ᠲᠤᠬᠢᠷᠠᠭᠤᠯᠤᠯᠳᠠ᠎ᠶ᠋ᠢᠨ ᠲᠥᠰᠦᠯ᠎ᠢ ᠵᠥᠪᠱᠢᠶᠡᠷᠡᠬᠦ᠌ ᠲᠤᠬᠠᠢ ᠱᠢᠢᠳᠪᠦᠷᠢ᠎ᠶ᠋ᠢ ᠪᠠᠲᠤᠯᠠᠪᠠ᠃

ᠬᠤᠷᠠᠯ᠎ᠡᠴᠡ ᠪᠦᠦ ᠱᠢᠶᠠᠨ ᠬᠤᠸᠠ ᠨᠥᠬᠥᠷ᠎ᠦᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ᠎ᠶ᠋ᠢᠨ ᠲᠤᠱᠢᠶᠠᠯ᠎ᠡᠴᠡ᠎ᠪᠠᠨ ᠪᠠᠭᠤᠬᠤ ᠭᠤᠶᠤᠴᠢᠯᠠᠯ᠎ᠢ ᠬᠦᠯᠢᠶᠡᠨ ᠠᠪᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠲᠣᠭ᠍ᠲᠠᠭᠠᠯ᠎ᠢ ᠪᠠᠲᠤᠯᠠᠪᠠ᠃

ᠬᠤᠷᠠᠯ᠎ᠡᠴᠡ ᠪᠠᠳᠤᠯᠠᠯᠳᠠ ᠬᠢᠬᠦ᠎ᠪᠡᠷ ᠳᠡᠮᠵᠢᠨ᠂ ᠲᠠᠩ ᠢ᠎ᠶ᠋ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ᠂ ᠵᠢᠶ ᠱᠢᠶᠤᠤ ᠴᠢᠩ᠎ᠢ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠦᠨ ᠳᠠᠷᠤᠭ᠎ᠠ᠂ ᠮᠥᠩᠬᠡ᠎ᠶ᠋ᠢ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠲᠢᠩᠬᠢᠮ᠎ᠦᠨ ᠳᠠᠷᠤᠭ᠎ᠠ᠎ᠶᠢᠨ ᠲᠤᠰᠢᠶᠠᠯ᠎ᠳᠦ ᠲᠣᠮᠢᠯᠠᠬᠤ᠎ᠪᠠᠷ ᠲᠣᠭ᠍ᠲᠠᠪᠠ; ᠠᠵᠢᠯ᠎ᠤᠨ ᠪᠠᠢᠷᠢ᠎ᠶ᠋ᠢᠨ ᠲᠣᠬᠢᠷᠠᠭᠤᠯᠤᠯᠲᠠ᠎ᠡᠴᠡ ᠪᠣᠯᠵᠣ᠂ ᠭᠤᠤ ᠷᠦᠨ ᠰᠢ᠎ᠶ᠋ᠢ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠲᠢᠩᠬᠢᠮ᠎ᠦᠨ ᠳᠠᠷᠤᠭ᠎ᠠ᠎ᠶ᠋ᠢᠨ ᠲᠤᠱᠢᠶᠠᠯ᠎ᠡᠴᠡ ᠨᠢ ᠪᠠᠭᠤᠯᠭᠠᠬᠤ᠎ᠪᠠᠷ ᠲᠣᠭ᠍ᠲᠠᠪᠠ᠃ ᠬᠤᠷᠠᠯ᠎ᠡᠴᠡ ᠪᠠᠰᠠ ᠠᠵᠢᠯᠲᠠᠨ᠎ᠤ ᠶᠠᠪᠤᠳᠠᠯ᠎ᠤᠨ ᠲᠤᠱᠢᠶᠠᠯ᠎ᠳᠤ ᠲᠣᠮᠢᠯᠠᠵᠤ ᠲᠤᠱᠢᠶᠠᠯ᠎ᠡᠴᠡ᠎ᠨᠢ ᠪᠠᠭᠤᠯᠭᠠᠬᠤ ᠪᠤᠰᠤᠳ ᠵᠦᠢᠯᠡᠰ᠎ᠢ ᠪᠠᠲᠤᠯᠠᠪᠠ᠃

ᠰᠦᠨ ᠱᠤᠤ ᠴᠧᠩ ᠲᠠᠩ ᠢ ᠵᠡᠷᠭᠡ ᠱᠢᠨ᠎ᠡ᠎ᠪᠡᠷ ᠲᠤᠱᠢᠶᠠᠯ᠎ᠳᠤ ᠲᠤᠮᠢᠯᠠᠭᠳᠠᠭᠰᠠᠳ᠎ᠲᠤ ᠲᠤᠱᠢᠶᠠᠯ᠎ᠳᠤ ᠲᠣᠮᠢᠯᠠᠬᠤ ᠪᠢᠴᠢᠭ ᠭᠠᠷᠳᠠᠭᠤᠯᠪᠠ᠃

ᠱᠢᠨ᠎ᠡ᠎ᠪᠡᠷ ᠲᠤᠱᠢᠶᠠᠯ᠎ᠳᠤ ᠲᠣᠮᠢᠯᠠᠭ᠍ᠳᠠᠭ᠍ᠰᠠᠳ ᠦᠨᠳᠦᠰᠦᠨ ᠬᠠᠤᠯᠢ᠎ᠳᠤ ᠲᠥᠪ ᠴᠢᠩᠭ᠎ᠠ᠎ᠪᠠᠷ ᠲᠠᠩᠭᠠᠷᠢᠭ᠍ᠯᠠᠵᠤ᠂ ᠲᠠᠩ ᠢ ᠳᠠᠭᠠᠭᠤᠯᠤᠨ ᠲᠠᠩᠭᠠᠷᠢᠭ᠍ᠯᠠᠭ᠍ᠰᠠᠨ ᠪᠥᠭᠡᠳ ᠣᠪᠣᠷ᠎ᠢᠶᠠᠨ ᠢᠯᠡᠳᠭᠡᠬᠦ᠌ ᠦᠭᠡ ᠬᠡᠯᠡᠪᠡ᠃

ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠬᠤᠷᠢᠶᠠᠨ ᠳᠠᠷᠤᠭ᠎ᠠ ᠵᠤᠤ ᠯᠸ ᠵᠶ᠋ᠢ᠎ᠶ᠋ᠢᠨ ᠮᠠᠨ᠎ᠤ ᠣᠷᠣᠨ᠎ᠳᠤ ᠪᠠᠢᠴᠠᠭᠠᠨ ᠰᠤᠳᠤᠯᠤᠯᠲᠠ ᠬᠢᠬᠦ᠌ ᠪᠠ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ ᠥᠷᠨᠢᠭᠦᠯᠬᠦ᠌ ᠦᠶ᠎ᠡ᠎ᠶ᠋ᠢᠨ ᠶᠠᠷᠢᠶᠠᠨ᠎ᠤ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭ᠌ᠴᠢ ᠵᠡᠷᠭᠡ ᠠᠵᠢᠯ᠎ᠢ ᠬᠠᠨᠳᠤᠯᠭᠠᠲᠤ ᠴᠢᠨᠠᠷᠲᠠᠢ᠎ᠴᠢᠩᠭᠠᠳᠭᠠᠨ ᠰᠠᠢᠵᠢᠷᠠᠭᠤᠯᠬᠤ ᠬᠡᠷᠡᠭ᠌ᠲᠡᠢ᠃ 《ᠤᠮᠠᠷᠠᠲᠤ᠎ᠶᠢᠨ ᠭᠤᠷᠪᠠᠨ ᠤᠷᠤᠨ》ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠌᠎ᠳᠦ ᠦᠷᠭᠦᠯᠵᠢᠯᠡᠨ ᠬᠦᠴᠦᠨ ᠨᠡᠮᠡᠷᠢᠯᠡᠵᠦ᠍᠂ ᠬᠠᠤᠯᠢ᠎ᠪᠠᠷ ᠵᠠᠰᠠᠬᠤ᠎ᠳᠤ ᠲᠦᠱᠢᠭ᠌ᠯᠡᠨ ᠴᠢᠩᠭ᠎ᠠ ᠬᠢᠵᠠᠭᠠᠷᠯᠠᠬᠤ᠂ ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠬᠤ᠎ᠶ᠋ᠢ ᠴᠢᠬᠤᠯᠠᠴᠢᠯᠠᠵᠤ᠂ ᠬᠣᠯᠪᠣᠭ᠍ᠳᠠᠯ ᠪᠦᠬᠦᠢ ᠬᠠᠤᠯᠢ ᠲᠣᠭ᠍ᠲᠠᠭᠠᠯ ᠲᠦᠷᠢᠮ᠎ᠢ ᠪᠦᠷᠢᠨᠱᠢᠬᠦᠯᠦᠨ ᠲᠡᠭᠦᠯᠳᠡᠷᠵᠢᠭᠦᠯᠵᠦ᠍᠂ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠤᠢ ᠱᠢᠭᠤᠢ ᠨᠤᠲᠤᠭ ᠪᠡᠯᠴᠢᠭᠡᠷ᠎ᠢ ᠰᠦᠢᠳᠭᠡᠬᠦ᠌ ᠵᠡᠷᠭᠡ ᠲᠤᠪᠤᠢ᠌ᠮ᠎ᠠ ᠠᠰᠠᠭᠤᠳᠠᠯ᠎ᠢ ᠦᠨᠳᠦᠰᠦᠨ᠎ᠡᠴᠡ ᠨᠢ ᠱᠢᠢᠳᠪᠦᠷᠢᠯᠡᠬᠦ᠌᠎ᠶ᠋ᠢ ᠨᠡᠩ ᠰᠠᠢᠲᠤᠷ ᠠᠬᠢᠭᠤᠯᠬᠤ ᠬᠡᠷᠡᠭ᠌ᠲᠡᠢ᠃ 《ᠵᠢᠷᠭᠤᠭᠠᠨ ᠠᠵᠢᠯᠯᠠᠭ᠎ᠠ》 ᠵᠡᠷᠭᠡ ᠭᠤᠤᠯᠳᠠᠯᠭ᠎ᠠ᠎ᠲᠠᠶ ᠠᠵᠢᠯ᠎ᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠴᠢᠩᠭ᠎ᠠ ᠠᠩᠬᠠᠷᠴᠤ᠌᠂ ᠬᠢᠨᠠᠯᠲᠠ ᠪᠠᠢᠴᠠᠭᠠᠯᠲᠠ᠎ᠶ᠋ᠢ ᠨᠠᠷᠢᠨ ᠬᠢᠨᠠᠮᠠᠭᠠᠶ ᠵᠣᠬᠢᠶᠠᠨ ᠪᠠᠢᠭᠤᠯᠤᠨ ᠥᠷᠨᠢᠭᠦᠯᠵᠦ᠍᠂ ᠢᠯᠡᠷᠡᠭᠦᠯᠦᠭ᠌ᠰᠡᠨ ᠠᠰᠠᠭᠤᠳᠠᠯ᠎ᠢ ᠴᠡᠭ ᠴᠡᠭ᠎ᠢᠶᠡᠷ ᠬᠠᠷᠠᠭᠠᠯᠵᠠᠭᠤᠯᠤᠨ ᠬᠠᠮᠢᠶ᠎ᠠ ᠪᠥᠬᠥᠶ ᠭᠠᠵᠠᠷ ᠣᠷᠣᠨ ᠪᠠ ᠰᠠᠯᠠᠭ᠎ᠠ ᠮᠥᠴᠢᠷ᠎ᠲᠦ ᠬᠠᠷᠢᠭᠤ ᠲᠤᠰᠭᠠᠵᠤ᠂ ᠬᠢᠨᠠᠯᠲᠠ ᠳᠡᠯᠪᠢᠨ ᠱᠢᠶ᠋ᠳᠪᠦᠷᠢᠯᠡᠬᠦ᠌ ᠱᠠᠯᠠᠪᠳᠠᠭᠤᠯᠤᠨ ᠰᠢᠢᠳᠪᠦᠷᠢᠯᠡᠬᠦ᠎ᠶ᠋ᠢ ᠴᠢᠩᠭᠠᠳᠭᠠᠵᠤ᠂ ᠪᠦᠲᠦᠮᠵᠢᠲᠡᠶ ᠱᠢᠶ᠋ᠳᠪᠦᠷᠢᠯᠡᠬᠦ᠌᠎ᠶ᠋ᠢ ᠠᠬᠢᠭᠤᠯᠬᠤ ᠬᠡᠷᠡᠭ᠌ᠲᠡᠶ᠃ ᠡᠯ᠎ᠡ ᠲᠦᠷᠦᠯ᠎ᠦᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠎ᠶ᠋ᠢ ᠠᠬᠢᠭᠤᠯᠬᠤ ᠳᠤᠮᠳᠠ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠢᠨᠠᠯᠲᠠ ᠲᠠᠯᠪᠢᠬᠤ ᠦᠢᠯᠡᠳᠦᠯ᠎ᠢ ᠨᠡᠩ ᠰᠠᠢ᠌ᠨ ᠪᠠᠳᠠᠷᠠᠭᠤᠯᠵᠤ᠂ ᠬᠢᠨᠠᠯᠲᠠ ᠲᠠᠯᠪᠢᠬᠤ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠬᠢᠨᠠᠯᠲᠠ ᠲᠠᠯᠪᠢᠬᠤ ᠬᠠᠳᠠᠨ ᠴᠢᠨᠠᠷ᠎ᠢ ᠴᠢᠩᠭᠠᠳᠭᠠᠵᠤ᠂ ᠬᠣᠯᠪᠣᠭ᠍ᠳᠠᠯ ᠪᠦᠬᠦᠢ ᠠᠰᠠᠭᠤᠳᠠᠯ᠎ᠢ ᠡᠬᠢᠨ᠎ᠡᠴᠡ ᠨᠢ ᠠᠳᠠᠭ ᠲᠤᠨᠢ ᠲᠤᠯᠲᠠᠯ᠎ᠠ ᠠᠩᠬᠠᠷᠴᠤ᠌᠂ ᠬᠢᠨᠠᠯᠲᠠ ᠲᠠᠯᠪᠢᠬᠤ᠂ ᠬᠠᠷᠢᠭᠤ ᠲᠤᠰᠭᠠᠬᠤ᠂ ᠴᠡᠭ᠌ᠴᠡᠯᠡᠨ ᠰᠠᠢᠵᠢᠷᠠᠭᠤᠯᠬᠤ᠎ᠶ᠋ᠢ ᠲᠤᠭᠤᠱᠢᠯᠠᠭᠤᠯᠵᠤ᠂ ᠬᠢᠨᠠᠯᠲᠠ ᠳᠠᠯᠪᠢᠬᠤ᠎ᠪᠠᠷ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠬᠤ᠂ ᠴᠡᠭ᠌ᠴᠡᠯᠡᠨ ᠰᠠᠢᠵᠢᠷᠠᠭᠤᠯᠬᠤ᠎ᠪᠠᠷ ᠬᠥᠭ᠌ᠵᠢᠯᠲᠡ᠎ᠶ᠋ᠢ ᠠᠬᠢᠭᠤᠯᠬᠤ᠎ᠶ᠋ᠢ ᠨᠡᠩ ᠰᠠᠢ᠌ᠨ ᠪᠡᠶᠡᠯᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠯ᠎ᠡ ᠲᠤᠰᠭᠠᠢ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ᠂ ᠭᠡᠱᠢᠭᠦᠨ᠂ ᠪᠦᠬᠦ᠌ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠡᠰᠡᠭ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠠᠵᠢᠯ᠎ᠤᠨ ᠪᠠᠢᠭᠤᠯᠤᠮᠵᠢ ᠪᠠ ᠠᠢᠮᠠᠭ᠎ᠤᠨ ᠠᠵᠢᠯ᠎ᠤᠨ ᠬᠤᠷᠢᠶ᠎ᠠ᠎ᠶᠢᠨ ᠬᠠᠷᠢᠭᠤᠴᠠᠯᠭᠠᠲᠠᠨ ᠨᠥᠬᠥᠳ᠂ ᠡᠯ᠎ᠡ ᠲᠣᠭᠣᠷᠢᠭ ᠪᠠᠢᠭᠤᠯᠤᠭᠰᠠᠨ ᠬᠤᠳᠠ᠂ ᠮᠠᠨᠵᠤᠤᠷ ᠬᠤᠳᠠ᠂ ᠡᠷᠢᠶᠡᠨ ᠬᠤᠳᠠ᠂ ᠥᠪᠡᠷᠲᠡᠭᠡᠨ ᠵᠠᠰᠠᠬᠤ ᠬᠣᠱᠢᠭᠤ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠬᠠᠷᠢᠭᠤᠴᠠᠯᠭᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢᠴᠠᠭᠠᠬᠤ ᠵᠥᠪᠯᠡᠯ᠎ᠦᠨ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map