7 ᠰᠠᠷ᠎ᠠ᠎ᠶ᠋ᠢᠨ 25᠎ᠤ ᠡᠳᠦᠷ᠂ ᠸᠠᠩ ᠯᠢ ᠱᠢᠶᠠ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠵᠢᠯᠣᠭᠣᠳᠭᠤ ᠭᠠᠵᠠᠷ᠎ᠲᠤ ᠬᠦᠷᠴᠦ᠍᠂ ᠸᠢᠳᠢᠣ᠋᠎ᠪᠠᠷ ᠪᠦᠬᠦ᠌ ᠣᠷᠣᠨ᠎ᠤ ᠦᠶᠡᠷ᠎ᠢ ᠰᠡᠷᠭᠡᠢᠯᠡᠬᠦ᠌ ᠠᠵᠢᠯ᠎ᠢ ᠲᠤᠬᠢᠷᠠᠭᠤᠯᠪᠠ᠃
ᠸᠠᠩ ᠯᠢ ᠱᠢᠶᠠ ᠦᠶᠡᠷ᠎ᠦᠨ ᠪᠠᠢᠳᠠᠯ ᠨᠡᠯᠢᠶᠡᠳ ᠬᠦᠨᠳᠦ ᠨᠣᠴᠢᠲᠠᠢ ᠪᠠᠢᠭ᠎ᠠ ᠬᠥᠬᠡᠬᠣᠲᠠ᠂ ᠪᠤᠭᠤᠲᠤ ᠬᠤᠳᠠ᠂ ᠤᠯᠠᠭᠠᠨᠴᠠᠪ ᠬᠤᠳᠠ᠂ ᠤᠷᠳᠤᠰ ᠬᠤᠳᠠ ᠵᠡᠷᠭᠡ ᠭᠠᠵᠠᠷ ᠣᠷᠣᠨ᠎ᠤ᠋ ᠬᠢᠨ ᠲᠠᠢ ᠸᠢᠳᠢᠤ᠋ ᠪᠠᠷ ᠶᠠᠷᠢᠯᠴᠠᠵᠤ᠂ ᠬᠠᠮᠤᠭ᠎ᠤᠨ ᠶᠡᠬᠡ ᠪᠣᠷᠣᠭᠠᠨ ᠣᠷᠣᠬᠰᠡᠨ ᠭᠠᠵᠠᠷ ᠨᠢ ᠬᠠᠮᠢᠭ᠎ᠠ ᠪᠠᠢᠬᠤ? ᠬᠥᠮᠦᠨ ᠬᠠᠷ᠎ᠠ ᠡᠨᠳᠡᠵᠤ ᠱᠢᠷᠬᠠᠲᠤᠭ᠍ᠰᠠᠨ᠂ ᠭᠡᠷ ᠪᠠᠢᠱᠢᠩ ᠨᠤᠷᠠᠭ᠍ᠰᠠᠨ ᠡᠰᠡᠬᠦ? ᠬᠡᠳᠦᠶ ᠵᠠᠮ ᠡᠪᠳᠡᠭ᠌ᠳᠡᠭ᠌ᠰᠡᠨ᠂ ᠲᠠᠷᠢᠶᠠᠨ ᠭᠠᠵᠠᠷ ᠭᠠᠮᠱᠢᠭ᠍ᠳᠠᠬᠰᠡᠨ ᠡᠰᠡᠬᠦ? ᠤᠯᠠᠨ ᠲᠦᠮᠡᠨ᠎ᠢ ᠬᠡᠳᠦᠢ ᠱᠢᠯᠵᠢᠭᠦᠯᠦᠭᠰᠡᠨ᠂ ᠠᠮᠤᠷ ᠲᠦᠪᠱᠢᠨ᠎ᠢ ᠦᠨᠡᠨ ᠬᠦ᠌ ᠪᠠᠲᠤᠯᠠᠭ᠍ᠰᠠᠨ ᠡᠰᠡᠬᠦ᠌? ᠵᠢᠭᠤᠯᠴᠢᠯᠠᠭᠰᠡᠳ᠎ᠢ ᠵᠣᠬᠢᠶᠠᠨ ᠪᠠᠢᠭᠤᠯᠵᠤ ᠠᠶᠤᠯ᠎ᠡᠴᠡ ᠵᠠᠢᠯᠠᠭᠤᠯᠬᠤ᠎ᠪᠠᠷ ᠮᠡᠳᠡᠭ᠌ᠳᠡᠭ᠌ᠰᠡᠨ ᠡᠰᠡᠬᠦ᠎ᠶᠢ ᠨᠠᠷᠢᠯᠢᠬ ᠯᠠᠪᠯᠠᠨ ᠠᠰᠠᠭᠤᠪᠠ᠃ ᠲᠡᠷᠡ᠂ ᠣᠳᠣᠬᠠᠨ᠎ᠳᠤ ᠶᠠᠭ 《ᠲᠤᠯᠤᠭᠠᠨ ᠰᠠᠷ᠎ᠠ᠎ᠶ᠋ᠢᠨ ᠰᠡᠭᠦᠯᠴᠢ ᠨᠠᠶ᠋ᠮᠠᠨ ᠰᠠᠷ᠎ᠠ᠎ᠶ᠋ᠢᠨ ᠡᠬᠢᠨ》᠎ᠤ ᠦᠶᠡᠷ᠎ᠢ ᠰᠡᠷᠭᠡᠢᠯᠡᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠵᠤ᠂ ᠣᠢᠷ᠎ᠠ᠎ᠶ᠋ᠢᠨ ᠬᠤᠭᠤᠴᠠᠭᠠᠨ᠎ᠳᠤ ᠬᠡᠰᠡᠭ ᠭᠠᠵᠠᠷ ᠣᠷᠣᠨ᠎ᠳᠤ ᠱᠢᠷᠦᠭᠦᠨ ᠪᠣᠷᠣᠭᠠᠨ᠂ ᠶᠡᠬᠡ ᠪᠣᠷᠣᠭᠠᠨ ᠣᠷᠣᠪᠠ᠂ ᠡᠯ᠎ᠡ ᠱᠠᠲᠤ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠵᠠᠪᠠᠯ ᠪᠣᠷᠣᠭᠠᠨ᠎ᠤ ᠪᠠᠢᠳᠠᠯ ᠤᠰᠤᠨ᠎ᠤ ᠪᠠᠢᠳᠠᠯ ᠦᠶᠡᠷ᠎ᠦᠨ ᠪᠠᠢᠳᠠᠯ᠎ᠢ ᠨᠢᠭ᠍ᠲᠠ ᠬᠢᠨᠠᠨ ᠠᠵᠢᠭ᠍ᠯᠠᠵᠤ᠂ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌᠎ᠪᠡᠨ ᠴᠢᠩᠭᠠᠳᠭᠠᠨ᠂ ᠪᠠᠴᠢᠮ ᠪᠠᠢᠳᠠᠯ᠎ᠢ ᠠᠷᠭᠠᠴᠠᠭᠠᠬᠤ ᠠᠵᠢᠯᠯᠠᠭ᠎ᠠ᠎ᠶ᠋ᠢᠨ ᠲᠠᠰ ᠶᠣᠰᠣᠭᠠᠷ ᠠᠶᠤᠯ᠎ᠡᠴᠡ ᠠᠪᠤᠷᠠᠵᠤ ᠭᠠᠮᠱᠢᠭ᠎ᠡᠴᠡ ᠠᠪᠤᠷᠠᠬᠤ᠎ᠶ᠋ᠢ ᠰᠠᠢᠲᠤᠷ ᠠᠳᠭᠤᠵᠤ᠂ ᠢᠯᠠᠩᠭᠤᠶ᠎ᠠ ᠣᠬᠣᠷ ᠬᠤᠭᠤᠴᠠᠭᠠᠨ᠎ᠳᠤ ᠲᠥᠪᠯᠡᠷᠡᠩᠭᠦᠶ ᠪᠣᠷᠣᠭᠠᠨ ᠣᠷᠣᠬᠤ ᠪᠠ ᠰᠥᠨᠢ᠎ᠶ᠋ᠢᠨ ᠪᠣᠷᠣᠭᠠᠨ ᠣᠷᠣᠬᠤ᠎ᠶ᠋ᠢ ᠳᠡᠭᠡᠳᠦ ᠬᠡᠮᠵᠢᠶ᠎ᠡ᠎ᠪᠡᠷ ᠠᠩᠬᠠᠷᠴᠤ᠌᠂ ᠣᠯᠠᠨ ᠲᠦᠮᠡᠨ᠎ᠦ ᠠᠮᠢ ᠨᠠᠰᠤᠨ᠎ᠤ ᠠᠮᠤᠷ ᠲᠦᠪᠱᠢᠨ᠎ᠢ ᠪᠥᠬᠥ᠌ ᠬᠦᠴᠦᠨ᠎ᠢᠶᠡᠷ᠎ᠢᠶᠡᠨ ᠬᠠᠮᠠᠭᠠᠯᠠᠬᠤ ᠬᠡᠷᠡᠭ᠌ᠲᠡᠶ᠃ ᠦᠶᠡᠷ᠎ᠦᠨ ᠪᠠᠢᠳᠠᠯ ᠬᠦᠨᠳᠦ ᠨᠣᠴᠢᠲᠠᠶ ᠪᠠᠢᠭ᠎ᠠ ᠬᠣᠱᠢᠭᠤ ᠱᠢᠶᠠᠨ ᠲᠣᠭᠣᠷᠢᠭ᠎ᠤᠨ ᠵᠠᠰᠠᠭ᠎ᠤᠨ ᠣᠷᠳᠣᠨ᠎ᠤ ᠨᠢᠭᠡᠳᠦᠭᠡᠷ ᠬᠠᠷᠢᠭᠤᠴᠠᠯᠭᠠᠳᠠᠨ ᠨᠢᠭᠡᠳᠦᠭᠡᠷ ᠹᠷᠣᠨᠲ᠎ᠲᠤ ᠵᠢᠯᠣᠭᠣᠳᠴᠤ᠌᠂ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠬᠣᠲᠠ ᠪᠠᠯᠭᠠᠰᠤ᠎ᠶ᠋ᠢᠨ ᠤᠰᠤᠲᠤᠯ᠎ᠤᠨ ᠬᠡᠮᠵᠢᠶ᠎ᠡ᠎ᠶ᠋ᠢ ᠦᠨᠳᠦᠰᠦᠯᠡᠨ ᠬᠦᠮᠦᠨ ᠬᠠᠷ᠎ᠠ᠎ᠶᠢ ᠡᠮᠬᠢ ᠵᠢᠷᠤᠮ᠎ᠲᠠᠶ᠎ᠪᠠᠷ ᠲᠠᠷᠬᠠᠭᠠᠵᠤ᠂ ᠵᠠᠮ ᠬᠠᠷᠢᠯᠴᠠᠭ᠎ᠠ᠎ᠶ᠋ᠢ ᠴᠠᠭ ᠲᠤᠬᠠᠶ᠎ᠳᠤᠨᠢ ᠨᠡᠪᠲᠡᠷᠡᠭᠦᠯᠬᠦ᠌ ᠬᠡᠷᠡᠭ᠌ᠲᠡᠶ᠃ 7 ᠳᠤᠮᠳᠠ ᠪᠠᠭ᠎ᠠ ᠤᠰᠤᠨ ᠴᠥᠭᠥᠷᠥᠮ᠂ 46 ᠨᠦᠯᠦᠮᠡᠯ ᠭᠠᠵᠠᠷ᠎ᠤᠨ ᠬᠠᠱᠢᠯᠭ᠎ᠠ᠎ᠶ᠋ᠢ ᠭᠤᠤᠯᠳᠠᠯᠭ᠎ᠠ᠎ᠲᠠᠶ ᠠᠩᠬᠠᠷᠴᠤ᠌᠂ ᠱᠢᠨᠵᠢᠯᠡᠬᠦ᠌ ᠤᠬᠠᠭᠠᠨᠴᠢ᠎ᠪᠠᠷ ᠦᠶᠡᠷ᠎ᠢ ᠵᠠᠯᠠᠵᠤ᠂ ᠤᠰᠤᠲᠤᠯ᠎ᠢ ᠵᠠᠯᠠᠵᠤ᠂ ᠳᠤᠤᠷ᠎ᠠ ᠤᠷᠤᠰᠭᠠᠯ᠎ᠤᠨ ᠣᠯᠠᠨ ᠲᠦᠮᠡᠨ᠎ᠦ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠤ ᠵᠠᠬᠢᠪᠠ᠃
ᠸᠠᠩ ᠯᠢ ᠱᠢᠶᠠ᠂ ᠡᠨᠡ ᠦᠳᠡ᠎ᠶ᠋ᠢᠨ ᠡᠮᠦᠨᠡᠬᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠬᠣᠷᠢᠶ᠎ᠠ᠎ᠶᠢᠨ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠳᠡᠭᠡᠳᠦ ᠬᠡᠮᠵᠢᠶᠡᠨ᠎ᠦ ᠰᠣᠨᠣᠷ ᠰᠡᠷᠡᠮᠵᠢ᠎ᠲᠡᠶ ᠪᠠᠢᠵᠤ᠂ ᠭᠠᠮᠱᠢᠭ᠎ᠤᠨ ᠡᠮᠦᠨ᠎ᠡ ᠤᠷᠢᠳᠴᠢᠯᠠᠨ ᠰᠡᠷᠡᠮᠵᠢᠯᠡᠭᠦᠯᠬᠦ᠌ 《ᠲᠠᠭᠤᠳᠠᠵᠤ ᠴᠤᠤᠷᠢᠶᠠᠳᠤᠨ ᠲᠠᠭᠠᠬᠤ》 ᠪᠠ ᠮᠥᠷᠳᠡᠨ ᠬᠠᠷᠢᠭᠤ ᠲᠤᠰᠭᠠᠬᠤ ᠲᠣᠭ᠍ᠲᠠᠴᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠭᠠᠮᠱᠢᠭ᠎ᠢ ᠰᠡᠷᠭᠡᠢᠯᠡᠨ ᠠᠷᠭᠠᠴᠠᠭᠠᠬᠤ ᠠᠵᠢᠯ᠎ᠢ ᠣᠨᠣᠴᠠᠲᠠᠢ ᠰᠠᠢᠲᠤᠷ ᠬᠢᠬᠦ᠌ ᠬᠡᠷᠡᠭ᠌ᠲᠡᠢ᠃ ᠨᠢᠭᠡ᠎ᠳᠦ᠂ ᠪᠠᠴᠢᠮ ᠪᠠᠢᠳᠠᠯ᠎ᠢ ᠠᠷᠭᠠᠴᠠᠭᠠᠬᠤ ᠵᠢᠯᠣᠭᠣᠳᠭᠤ ᠰᠠᠯᠠᠭ᠎ᠠ ᠮᠥᠴᠢᠷ᠎ᠦᠨ᠎ᠬᠢᠨ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ ᠦᠶ᠋ᠯᠡᠳᠦᠯ᠎ᠢᠶᠡᠨ ᠰᠠᠢᠲᠤᠷ ᠪᠠᠳᠠᠷᠠᠭᠤᠯᠵᠤ᠂ ᠬᠣᠯᠪᠣᠭᠠᠯᠠᠨ ᠵᠥᠪᠳᠡᠯᠴᠡᠵᠦ᠍ ᠰᠤᠳᠤᠯᠤᠨ ᠮᠠᠭᠠᠳᠯᠠᠬᠤ ᠪᠡᠨ ᠴᠢᠩᠭᠠᠳᠬᠠᠵᠤ᠂ ᠪᠦᠬᠦᠯᠢ ᠡᠳᠦᠷ᠎ᠢᠶᠡᠷ ᠵᠢᠵᠢᠭᠦᠷᠯᠡᠨ ᠰᠠᠬᠢᠵᠤ᠂ ᠠᠶᠤᠯ ᠲᠦᠭ᠌ᠰᠢᠭᠦᠷᠢ ᠲᠤᠯᠭᠠᠷᠠᠪᠠᠯ ᠲᠡᠷᠡ ᠳᠠᠷᠤᠶᠳᠤᠨᠢ ᠲᠤᠰᠭᠠᠯ ᠭᠠᠷᠭᠠᠬᠤ ᠬᠡᠷᠡᠭ᠌ᠲᠡᠶ᠃ ᠬᠣᠶᠠᠷ᠎ᠲᠤ᠂ ᠡᠷᠡᠰ ᠱᠢᠭᠤᠷᠬᠠᠶ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠨ᠂ ᠡᠷᠡᠰ ᠱᠢᠭᠤᠷᠬᠠᠶ᠎ᠪᠠᠷ ᠱᠢᠶ᠋ᠳᠪᠦᠷᠢᠯᠡᠵᠦ᠍᠂ ᠲᠤᠬᠠᠶ᠎ᠶ᠋ᠢᠨ ᠲᠠᠯᠠᠪᠠᠶ᠎ᠶ᠋ᠢᠨ ᠪᠠᠢᠳᠠᠯ᠎ᠢ ᠦᠨᠳᠦᠰᠦᠯᠡᠨ ᠴᠠᠭ ᠲᠤᠬᠠᠶ᠎ᠳᠤᠨᠢ ᠣᠯᠠᠨ ᠲᠦᠮᠡᠨ᠎ᠢ ᠱᠢᠯᠵᠢᠭᠦᠯᠵᠦ᠍᠂ ᠬᠥᠮᠦᠨ ᠬᠠᠷ᠎ᠠ ᠡᠨᠳᠡᠵᠤ ᠱᠢᠷᠬᠠᠲᠤᠬᠤ ᠦᠭᠡᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠭᠤᠷᠪᠠ᠎ᠳᠤ᠂ ᠪᠠᠴᠢᠮ ᠪᠠᠢᠳᠠᠯ᠎ᠢ ᠠᠷᠭᠠᠴᠠᠭᠠᠬᠤ᠂ ᠴᠠᠭ ᠠᠭᠤᠷ᠂ ᠤᠰᠤᠨ ᠠᠱᠢᠭ᠍ᠯᠠᠯᠲᠠ᠂ ᠳᠣᠲᠣᠭᠠᠳᠤ᠎ᠶ᠋ᠢ ᠬᠠᠮᠠᠭᠠᠯᠠᠬᠤ᠂ ᠭᠠᠯ ᠰᠡᠷᠭᠡᠢᠯᠡᠵᠤ ᠭᠠᠯ ᠤᠨᠲᠠᠷᠠᠭᠠᠬᠤ᠂ ᠵᠠᠮ ᠬᠠᠷᠢᠯᠴᠠᠭ᠎ᠠ᠂ ᠮᠠᠯ ᠠᠵᠤ ᠠᠬᠤᠶ ᠲᠠᠷᠢᠶᠠᠯᠠᠩ᠂ ᠠᠷᠠᠳ᠎ᠤᠨ ᠶᠠᠪᠤᠳᠠᠯ᠂ ᠡᠳ᠋᠎ᠦᠨ ᠵᠠᠰᠠᠭ ᠵᠡᠷᠭᠡ ᠰᠠᠯᠠᠭ᠎ᠠ ᠮᠥᠴᠢᠷ᠎ᠦᠳ ᠨᠢᠭ᠍ᠲᠠ ᠬᠠᠮᠵᠢᠯᠴᠠᠨ᠂ ᠬᠠᠮᠳᠤᠷᠠᠯ ᠬᠦᠴᠦᠨ᠎ᠢ ᠪᠣᠶ ᠪᠣᠯᠭᠠᠵᠤ᠂ ᠦᠶᠡᠷ᠎ᠦᠨ ᠬᠤᠭᠤᠴᠠᠭᠠᠨ᠎ᠤ ᠭᠠᠮᠱᠢᠭ᠎ᠢ ᠰᠡᠷᠭᠡᠢᠯᠡᠵᠦ᠍ ᠭᠠᠮᠱᠢᠭ᠎ᠡᠴᠡ ᠠᠪᠤᠷᠠᠬᠤ ᠡᠯ᠎ᠡ ᠵᠦᠶ᠋ᠯ᠎ᠦᠨ ᠠᠵᠢᠯ᠎ᠢ ᠬᠠᠮᠲᠤ᠎ᠪᠠᠷ ᠰᠠᠢᠲᠤᠷ ᠬᠢᠬᠦ᠌ ᠬᠡᠷᠡᠭ᠌ᠲᠡᠶ᠃ ᠳᠥᠷᠪᠡ᠎ᠳᠦ᠂ ᠦᠶᠡᠷ᠎ᠦᠨ ᠪᠠᠢᠳᠠᠯ᠎ᠤᠨ ᠮᠡᠳᠡᠭᠡ ᠵᠠᠩᠭᠢ᠎ᠶ᠋ᠢ ᠬᠠᠮᠤᠭ᠎ᠤᠨ ᠲᠦᠷᠭᠡᠨ ᠠᠷᠭ᠎ᠠ ᠮᠠᠶᠢᠭ᠎ᠢᠶᠠᠷ ᠮᠡᠳᠡᠭᠦᠯᠬᠦ ᠭᠡᠷᠡᠭᠳᠠᠢ᠂ ᠱᠠᠲᠤ ᠱᠠᠲᠤ᠎ᠪᠠᠷ ᠬᠢᠨᠠᠨ ᠵᠥᠪᠱᠢᠶᠡᠷᠡᠵᠦ᠍᠂ ᠲᠠᠢᠯᠠᠯᠳᠤᠭᠠᠨ ᠬᠢᠬᠦ ᠲᠣᠬᠢᠶᠠᠯ᠎ᠢ ᠠᠯᠳᠠᠵᠤ ᠪᠣᠯᠬᠤ ᠥᠬᠡᠶ᠃ ᠲᠠᠪᠤ᠎ᠳᠤ᠂ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠬᠠᠸ᠋ ᠠᠵᠢᠯᠳᠠᠳ ᠠᠮᠤᠷ ᠲᠦᠪᠱᠢᠨ᠎ᠦ ᠤᠬᠠᠮᠰᠠᠷ᠎ᠢᠶᠠᠨ ᠴᠢᠩᠭᠠᠳᠭᠠᠵᠤ᠂ ᠡᠨᠳᠡᠯ ᠭᠠᠷᠬᠤ᠎ᠡᠴᠡ ᠵᠠᠢᠯᠠᠰᠭᠢᠬᠤ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠬᠡᠢᠯᠡᠵᠤ ᠭᠠᠡᠭ ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ ᠪᠠᠢᠳᠠᠯ᠎ᠢᠶᠠᠨ ᠦᠵᠡᠵᠦ᠍ ᠪᠠᠢᠭᠠᠳ ᠴᠠᠭ ᠲᠤᠬᠠᠶ᠎ᠳᠤᠨᠢ ᠬᠣᠯᠪᠣᠭ᠍ᠳᠠᠯ ᠪᠦᠬᠦᠢ ᠭᠠᠵᠠᠷ ᠣᠷᠣᠨ᠎ᠳᠤ ᠠᠵᠢᠯ᠎ᠤᠨ ᠳᠤᠭᠤᠢᠯᠠᠩ ᠲᠣᠮᠢᠯᠠᠵᠤ᠂ ᠤᠬᠠᠭᠤᠯᠬᠤ ᠰᠠᠯᠠᠭ᠎ᠠ ᠮᠥᠴᠢᠷ ᠦᠳ ᠬᠥᠲᠥᠯᠥᠨ ᠵᠢᠯᠣᠭᠣᠳᠭᠤ᠎ᠪᠠᠨ ᠴᠢᠩᠭᠠᠳᠭᠠᠬᠤ ᠬᠡᠷᠡᠭ᠌ᠲᠡᠶ ᠭᠡᠵᠤ ᠴᠢᠬᠤᠯᠠᠴᠢᠯᠠᠪᠠ᠃
ᠳᠠᠢᠴᠢᠨ ᠠᠵᠢᠯᠯᠠᠭ᠎ᠠ᠎ᠳ᠋ᠤ ᠤᠷᠤᠯᠴᠠᠵᠠᠢ᠃