|
| ᠬᠥᠯᠥᠨ ᠪᠤᠶᠢᠷ ᠬᠤᠲᠠ ᠥᠪᠥᠷ ᠮᠣᠩᠭᠤᠯ ᠤᠨ ᠵᠡᠭᠦᠨ ᠬᠡᠰᠡᠭ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠪᠠᠷ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ | ᠪᠤᠢ |
|
|
ᠨᠡᠶᠢᠲᠡᠯᠡᠭᠰᠡᠨ ᠴᠠᠭ᠄
2025/2/19
|
|
ᠨᠢᠭᠡ ᠳᠤ᠂ ᠲᠥᠯᠦᠪᠵᠢᠭᠦᠯᠭᠡ ᠶᠢ ᠵᠣᠯᠭᠠᠭᠤᠯᠬᠤ ᠪᠠᠨ ᠪᠠᠷᠢᠮᠲᠠᠯᠠᠨ᠎ᠠ᠃ ᠥᠪᠥᠷ ᠮᠣᠩᠭᠤᠯ ᠤᠨ ᠵᠡᠭᠦᠨ ᠬᠡᠰᠡᠭ ᠤᠨ ᠠᠬ᠎ᠠ ᠳᠡᠭᠦᠦ ᠠᠶᠢᠮᠠᠭ ᠬᠤᠲᠠ ᠶᠢᠨ ᠲᠥᠷᠥ ᠶᠢᠨ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠳᠬᠢᠮᠵᠢ ᠶᠢᠨ ᠪᠣᠷᠣ ᠲᠥᠯᠥᠪ ᠢ ᠰᠢᠰᠲ᠋ᠧᠮ ᠲᠠᠢ ᠪᠠᠷ ᠡᠮᠬᠢᠯᠡᠨ ᠵᠣᠯᠭᠠᠭᠤᠯᠵᠤ᠂ ᠰᠣᠶᠣᠯ ᠵᠢᠭᠤᠯᠴᠢᠯᠠᠯ᠂ ᠰᠢᠨ᠎ᠡ ᠡᠨᠧᠷᠭᠢ ᠵᠡᠷᠭᠡ ᠬᠦᠷᠢᠶ᠎ᠡ ᠴᠠᠷᠠᠭᠠᠨ ᠤ ᠲᠣᠭᠤᠷᠢᠨ ᠳᠤ᠂ ᠠᠬ᠎ᠠ ᠳᠡᠭᠦᠦ ᠠᠶᠢᠮᠠᠭ ᠬᠤᠲᠠ ᠯᠤᠭ᠎ᠠ ᠬᠠᠮᠲᠤ ᠪᠠᠷ ᠵᠠᠬ᠎ᠠ ᠳᠡᠯᠭᠡᠭᠦᠷ ᠤᠨ ᠬᠡᠪᠴᠢᠶᠡᠵᠢᠯ ᠢᠶᠠᠷ ᠶᠡᠭᠡ᠂ ᠭᠤᠣᠯᠯᠠᠬᠤ ᠥᠷᠢᠰᠦᠯᠳᠦᠬᠦ ᠬᠦᠴᠦᠨ ᠢᠶᠠᠷ ᠴᠢᠩᠭ᠎ᠠ ᠠᠵᠤ ᠦᠢᠯᠡᠰ ᠤᠨ ᠬᠡᠯᠬᠢᠶ᠎ᠡ ᠶᠢ ᠪᠣᠶᠢᠵᠢᠭᠤᠯᠤᠨ ᠴᠣᠭᠴᠠᠯᠠᠨ᠎ᠠ᠃ ᠬᠤᠶᠠᠷ ᠲᠤ᠂ ᠲᠦᠷᠦᠯ ᠵᠦᠢᠯ ᠢ ᠪᠣᠳᠠᠲᠠᠶᠢᠵᠢᠭᠤᠯᠵᠤ ᠬᠠᠮᠲᠤ ᠪᠠᠷ ᠪᠦᠲᠦᠭᠡᠨ ᠪᠠᠶᠢᠭᠤᠯᠤᠨ᠎ᠠ᠃ ᠬᠢᠩᠭᠠᠨ ᠠᠶᠢᠮᠠᠭ᠂ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠯᠦᠭᠡ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠤᠨ ᠵᠦᠢᠯᠡᠰ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠷᠠᠰᠢᠶᠠᠨ — ᠬᠠᠶᠢᠯᠠᠷ ᠤᠨ ᠬᠤᠭᠤᠷᠣᠨᠳᠣᠬᠢ ᠬᠦᠳᠡᠯᠭᠡᠭᠦᠷᠲᠦ ᠭᠠᠯᠲᠤ ᠲᠡᠷᠭᠡ ᠶᠢ ᠨᠡᠪᠲᠡᠷᠡᠭᠦᠯᠬᠦ ᠪᠠᠷ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠵᠡᠷᠭᠡ ᠰᠠᠭᠤᠷᠢ ᠪᠡᠯᠡᠳᠬᠡᠮᠵᠢ ᠶᠢᠨ ᠲᠦᠷᠦᠯ ᠵᠦᠢᠯ ᠢ ᠬᠠᠮᠵᠢᠯᠴᠠᠨ ᠠᠬᠢᠭᠤᠯᠵᠤ᠂ ︽ᠤᠯᠠᠭᠠᠨᠴᠠᠪ ᠷᠠᠰᠢᠶᠠᠨ ᠵᠠᠯᠠᠶᠢᠨᠠᠭᠤᠷ ᠬᠠᠶᠢᠯᠠᠷ ᠮᠠᠨᠵᠤᠤᠷ︾ ᠤᠨ ᠵᠢᠭᠤᠯᠴᠢᠯᠠᠯ ᠢ ᠨᠢᠭᠡ ᠴᠣᠭᠴᠠᠵᠢᠭᠤᠯᠬᠤ ᠬᠠᠮᠲᠤᠷᠠᠯᠴᠠᠭᠠᠨ ᠤ ᠬᠡᠪ ᠵᠠᠭᠪᠤᠷ ᠲᠤ ᠰᠢᠨ᠎ᠡ ᠶᠢ ᠡᠭᠦᠳᠴᠦ᠂ ᠬᠠᠮᠵᠢᠯᠴᠠᠭᠤᠯᠤᠨ ᠬᠥᠭᠵᠢᠭᠦᠯᠬᠦ ᠲᠡᠰ ᠳᠠᠪᠬᠤᠷᠭ᠎ᠠ ᠪᠠᠨ ᠳᠡᠭᠡᠭᠰᠢᠯᠡᠭᠦᠯᠦᠨ᠎ᠡ᠃ ᠭᠤᠷᠪᠠ ᠳᠤ᠂ ᠢᠷᠡᠭᠡᠳᠦᠢ ᠶᠢᠨ ᠠᠵᠤ ᠦᠢᠯᠡᠰ ᠢ ᠬᠠᠮᠲᠤ ᠪᠠᠷ ᠰᠦᠪᠡᠭᠴᠢᠯᠡᠨ᠎ᠡ᠃ ᠰᠢᠯᠢ ᠶᠢᠨ ᠭᠤᠣᠯ ᠠᠶᠢᠮᠠᠭ ᠯᠤᠭ᠎ᠠ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢᠨ ᠬᠠᠮᠲᠤᠷᠠᠯᠴᠠᠭ᠎ᠠ ᠥᠷᠨᠢᠭᠦᠯᠬᠦ ᠶᠢ ᠢᠳᠡᠪᠬᠢᠲᠡᠢ ᠪᠠᠷ ᠰᠦᠪᠡᠭᠴᠢᠯᠡᠵᠦ᠂ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠲᠠᠯᠠᠪᠠᠶ ᠣᠷᠳᠣᠨ ᠪᠠ ᠮᠥᠰᠥ ᠴᠠᠰᠤᠨ ᠤ ᠲᠠᠮᠢᠷ ᠤᠨ ᠰᠤᠷᠭᠠᠭᠤᠯᠢ ᠶᠢ ᠭᠦᠢᠴᠡᠳ ᠠᠰᠢᠭᠯᠠᠨ᠂ ᠥᠪᠥᠷ ᠮᠣᠩᠭᠤᠯ ᠤᠨ ᠵᠡᠭᠦᠨ ᠬᠡᠰᠡᠭ ᠤᠨ ᠪᠤᠰᠤᠳ ᠠᠶᠢᠮᠠᠭ ᠬᠤᠲᠠ ᠶᠢ ᠢᠳᠡᠪᠬᠢᠲᠡᠢ ᠪᠠᠷ ᠬᠠᠪᠰᠤᠷᠤᠨ ᠲᠠᠮᠢᠷᠴᠢᠨ ᠬᠥᠮᠥᠵᠢᠭᠦᠯᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠮᠥᠰᠥ ᠴᠠᠰᠤᠨ ᠤ ᠠᠵᠤ ᠠᠬᠤᠢ ᠶᠢᠨ ᠬᠥᠭᠵᠢᠯᠲᠡ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ᠃ ︵ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|