|
| ᠣᠷᠳᠣᠰ ᠬᠤᠲᠠ ᠪᠥᠬᠦ ᠣᠷᠣᠨ ᠤ ᠠᠩᠬᠠᠳᠠᠭᠴᠢ ︽DeepSeek + ᠵᠠᠷ ᠮᠡᠳᠡᠭᠡᠨ ᠤ ᠬᠢᠨᠠᠯᠲᠠ ᠬᠠᠮᠢᠶᠠᠷᠤᠯᠲᠠ︾ ᠶᠢᠨ ᠲᠤᠬᠠᠶᠢᠯᠠᠭᠰᠠᠨ ᠠᠵᠢᠯ ᠤᠨ | ᠲᠣᠮᠣ ᠵᠠᠭᠪᠤᠷ ᠢ ᠨᠡᠶᠢᠲᠡᠯᠡᠪᠡ |
|
|
ᠨᠡᠶᠢᠲᠡᠯᠡᠭᠰᠡᠨ ᠴᠠᠭ᠄
2025/2/19
|
|
ᠲᠣᠰ ᠵᠠᠭᠪᠤᠷ ᠨᠢ DeepSeek ᠣᠶᠤᠨᠲᠤ ᠲᠠᠪᠴᠠᠩ ᠪᠠ ᠲᠧᠩ ᠰᠢᠶᠦ᠋ᠨ IMA ᠮᠡᠳᠡᠯᠭᠡ ᠶᠢᠨ ᠬᠥᠮᠥᠷᠭᠡ ᠳᠤ ᠳᠤᠯᠳᠤᠶᠢᠳᠴᠤ᠂ ᠡᠭᠴᠡ ᠬᠠᠮᠢᠶᠠᠷᠤᠯᠲᠠ ᠶᠢᠨ ᠬᠦᠷᠢᠶᠡᠨ ᠳᠠᠬᠢ ᠭᠦᠨᠵᠡᠭᠡᠢ ᠰᠤᠷᠤᠯᠴᠠᠯᠭ᠎ᠠ ᠬᠢᠭᠡᠳ ᠪᠤᠳᠤᠬᠤ ᠠᠷᠭ᠎ᠠ ᠶᠢ ᠰᠢᠯᠢᠳᠡᠭᠵᠢᠭᠦᠯᠬᠦ ᠪᠣᠯᠪᠠᠰᠤᠷᠠᠯ ᠢᠶᠠᠷ ᠳᠡᠮᠵᠢᠨ᠂ ᠵᠠᠷ ᠮᠡᠳᠡᠭᠡᠨ ᠤ ᠬᠢᠨᠠᠯᠲᠠ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠳᠤ ︽ᠨᠢᠭᠡ ᠥᠷᠲᠡᠭᠡᠨ ᠤ ᠮᠠᠶ᠋ᠢᠭ︾ ᠤᠨ ᠰᠢᠢᠳᠪᠦᠷᠢᠯᠡᠬᠦ ᠲᠥᠰᠥᠯ ᠢ ᠬᠠᠩᠭᠠᠵᠤ ᠪᠣᠯᠣᠨ᠎ᠠ᠃ ᠦᠨᠳᠦᠰᠦᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠠᠵᠢᠯᠲᠠᠳ ᠬᠠᠤᠯᠢ ᠲᠣᠭᠲᠠᠭᠠᠯ ᠠᠴᠠ ᠵᠥᠷᠢᠴᠡᠭᠰᠡᠨ ᠰᠡᠵᠢᠭᠯᠡᠯᠲᠡᠢ ᠠᠰᠠᠭᠤᠳᠠᠯ ᠤᠳ ᠲᠤ ᠬᠤᠯᠪᠣᠭᠳᠠᠭᠰᠠᠨ ᠵᠠᠷ ᠮᠡᠳᠡᠭᠡ ᠶᠢ ᠵᠠᠭᠪᠤᠷ ᠲᠤ ᠣᠷᠣᠭᠤᠯᠪᠠᠯ ᠳᠠᠷᠤᠢ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠦᠨᠳᠦᠰᠦᠯᠡᠯ ᠪᠠᠷᠢᠮᠲᠠ ᠶᠢᠨ ᠵᠦᠢᠯ ᠵᠤᠷᠪᠤᠰ ᠤᠨ ᠤᠭ ᠵᠣᠬᠢᠶᠠᠯ ᠂ ᠠᠳᠠᠯᠢ ᠲᠥᠷᠥᠯ ᠤᠨ ᠬᠡᠷᠡᠭ ᠤᠨ ᠵᠢᠱᠢᠶ᠎ᠡ ᠶᠢ ᠰᠢᠢᠳᠪᠦᠷᠢᠯᠡᠭᠰᠡᠨ ᠲᠤᠷᠰᠢᠯᠭ᠎ᠠ ᠵᠢᠴᠢ ᠲᠦᠭᠰᠢᠭᠦᠷᠢ ᠶᠢ ᠰᠢᠢᠳᠪᠦᠷᠢᠯᠡᠬᠦ ᠰᠠᠨᠠᠭᠤᠯᠭ᠎ᠠ ᠶᠢ ᠣᠯᠵᠤ ᠪᠣᠯᠬᠤ ᠪᠠᠷ ᠦᠯᠦ ᠪᠠᠷᠠᠮ ᠂ ︽ᠬᠦᠴᠢᠷ ᠲᠦᠪᠡᠭᠲᠡᠢ ᠠᠰᠠᠭᠤᠳᠠᠯ ᠢ ᠰᠢᠢᠳᠪᠦᠷᠢᠯᠡᠬᠦ ᠳᠤ ᠦᠨᠳᠦᠰᠦᠯᠡᠯ ᠪᠠᠷᠢᠮᠲᠠ ᠲᠠᠢ᠂ ᠪᠤᠳᠤᠯᠢᠶᠠᠨᠲᠠᠢ ᠬᠡᠷᠡᠭ ᠢ ᠰᠢᠢᠳᠪᠦᠷᠢᠯᠡᠬᠦ ᠳᠤ ᠯᠠᠪᠯᠠᠯᠲᠠ ᠲᠠᠢ ᠪᠠᠶᠢᠬᠤ ︾ ᠶᠢ ᠦᠨᠡᠨ ᠬᠦ ᠪᠡᠶᠡᠯᠡᠭᠦᠯᠵᠦ ᠴᠢᠳᠠᠬᠤ ᠪᠣᠯᠣᠨ᠎ᠠ᠃ ᠣᠳᠣᠬᠠᠨ ᠳᠤ᠂ ᠲᠣᠰ ᠵᠠᠭᠪᠤᠷ ᠲᠤ ᠨᠢᠭᠡᠨᠲᠡ ᠨᠡᠶᠢᠲᠡ 200 ᠭᠠᠷᠤᠢ ᠲᠦᠮᠡᠨ ᠥᠰᠥᠭ ᠤᠨ ᠰᠠᠭᠤᠷᠢ ᠳ᠋ᠠᠶᠢᠲ᠋ᠠ ᠶᠢ ᠣᠷᠣᠭᠤᠯᠵᠤ᠂ ᠵᠠᠷ ᠮᠡᠳᠡᠭᠡᠨ ᠤ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠵᠢᠴᠢ ᠣᠶᠢᠷ᠎ᠠ ᠶᠢᠨ 5 ᠵᠢᠯ ᠤᠨ ᠲᠤᠷᠰᠢᠬᠢ ᠪᠥᠬᠦ ᠤᠯᠤᠰ ᠤᠨ ᠡᠯ᠎ᠡ ᠮᠤᠵᠢ ᠬᠤᠲᠠ ᠶᠢᠨ ᠪᠠᠶᠢᠴᠠᠭᠠᠨ ᠰᠢᠢᠳᠪᠦᠷᠢᠯᠡᠭᠰᠡᠨ ᠬᠠᠤᠯᠢ ᠠᠴᠠ ᠵᠥᠷᠢᠴᠡᠭᠰᠡᠨ 300 ᠭᠠᠷᠤᠢ ᠨᠡᠶᠢᠲᠡᠯᠢᠭ ᠵᠠᠷ ᠮᠡᠳᠡᠭᠡ ᠶᠢᠨ ᠬᠡᠷᠡᠭ ᠤᠨ ᠵᠢᠱᠢᠶ᠎ᠡ ᠶᠢ ᠬᠠᠮᠤᠷᠴᠠᠢ᠃ ︵ᠣᠷᠳᠣᠰ ᠬᠤᠲᠠ ᠶᠢᠨ ᠵᠠᠰᠠᠭ ᠤᠨ ᠣᠷᠳᠣᠨ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|